ᠪᠡᠭᠡᠵᠢᠩ ᠰᠢ ᠶᠢᠨ ᠴᠢᠷᠠᠢ ᠶᠢᠨ ᠵᠢᠷᠤᠭ ᠢ ᠵᠢᠷᠤᠵᠤ  ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠮᠡᠳᠡᠷᠡᠶ᠎ᠡ
ᠨᠡᠶᠢᠲᠡᠯᠡᠭᠰᠡᠨ ᠴᠠᠭ᠄
2024/11/19
    ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠣᠶᠢᠯᠠᠭᠠᠭᠤᠯᠬᠤ ᠪᠠ ᠤᠯᠠᠮᠵᠢᠯᠠᠨ ᠵᠠᠯᠭᠠᠮᠵᠢᠯᠠᠭᠤᠯᠵᠤ᠂ ᠣᠶᠢᠷ᠎ᠠ ᠵᠠᠶ ᠠᠴᠠ ︽ᠪᠣᠳᠠᠰ ᠤᠨ ᠪᠤᠰᠤ ᠰᠣᠶᠣᠯ ᠤᠨ ᠥᠪ︾ ᠤᠨ ᠰᠣᠶᠣᠯ ᠢ ᠪᠡᠶᠡᠴᠢᠯᠡᠨ ᠣᠶᠢᠯᠠᠭᠠᠭᠤᠯᠵᠤ᠂ ᠤᠯᠤᠰ ᠤᠨ ᠣᠬᠢ ᠰᠢᠯᠢᠳᠡᠭ ᠶᠢ ᠮᠡᠳᠡᠷᠡᠭᠦᠯᠬᠦ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ 17 ᠤ ᠡᠳᠦᠷ᠂ ᠲᠦᠩ ᠶᠠᠩ ᠳ᠋ᠤᠤ ᠵᠡᠭᠡᠯᠢ ᠭᠤᠳᠤᠮᠵᠢ ᠶᠢᠨ ᠰᠢᠩ ᠭᠤᠸᠠᠩ ᠨᠡᠶᠢᠭᠡᠮ ᠲᠣᠭᠤᠷᠢᠭ ᠤᠨ ᠬᠢᠨ ᠠᠵᠢᠯᠲᠠᠨ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ ︽ ᠪᠡᠭᠡᠵᠢᠩ ᠰᠢ ᠶᠢᠨ ᠴᠢᠷᠠᠢ ᠶᠢᠨ ᠵᠢᠷᠤᠭ ᠢ ᠵᠢᠷᠤᠵᠤ  ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠮᠡᠳᠡᠷᠡᠶ᠎ᠡ︾ ᠭᠡᠬᠦ ᠪᠡᠭᠡᠵᠢᠩ ᠰᠢ ᠶᠢᠨ ᠴᠢᠷᠠᠢ ᠶᠢᠨ ᠵᠢᠷᠤᠭ ᠤᠨ ᠭᠠᠷ ᠤᠷᠠᠯᠠᠯ ᠤᠨ DIY ᠠᠵᠢᠯᠯᠠᠭ᠎ᠠ ᠶᠢ ᠥᠷᠨᠢᠭᠦᠯᠪᠡ᠃
手绘京剧脸谱 感受非遗魅力11_副本.jpg
    ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠣᠯᠠᠨ ᠳᠤ ᠪᠡᠭᠡᠵᠢᠩ ᠰᠢ  ᠶᠢᠨ ᠡᠭᠦᠰᠦᠯ ᠪᠠ ᠤᠯᠠᠮᠵᠢᠯᠠᠯ ᠢ ᠲᠠᠶᠢᠯᠪᠤᠷᠢᠯᠠᠨ ᠥᠭᠴᠦ᠂ ᠴᠢᠷᠠᠢ ᠶᠢᠨ ᠵᠢᠷᠤᠭ ᠤᠨ ᠰᠣᠶᠣᠯ ᠵᠢᠴᠢ ᠴᠢᠷᠠᠢ ᠶᠢᠨ ᠵᠢᠷᠤᠭ ᠦᠢᠯᠡᠳᠬᠦ ᠤᠷ᠎ᠠ ᠮᠡᠷᠭᠡᠵᠢᠯ ᠢ ᠲᠠᠨᠢᠯᠴᠠᠭᠤᠯᠤᠭᠰᠠᠨ ᠪᠥᠭᠡᠳ ᠣᠯᠠᠨ ᠳᠤ ᠭᠠᠷ ᠵᠢᠷᠤᠮᠠᠯ ᠴᠢᠷᠠᠢ ᠶᠢᠨ ᠵᠢᠷᠤᠭ ᠢ ᠬᠡᠷᠬᠢᠨ ᠴᠢᠮᠡᠭᠯᠡᠬᠦ ᠶᠢ ᠬᠦᠯᠢᠴᠡᠩᠭᠦᠶ ᠪᠠᠷ ᠵᠢᠯᠣᠭᠤᠳᠪᠠ᠃ ᠳᠠᠷᠠᠭ᠎ᠠ ᠨᠢ᠂ ᠤᠯᠠᠨ ᠢᠶᠠᠷ ᠢᠶᠠᠨ ᠥᠪᠡᠷ ᠤᠨ ᠳᠤᠷ᠎ᠠ ᠪᠠᠬ᠎ᠠ ᠪᠠᠨ ᠦᠨᠳᠦᠰᠦᠯᠡᠨ ᠰᠫᠢᠷᠲ ᠨᠠᠭᠠᠯᠲᠠ ᠨᠠᠷᠢᠨ ᠬᠢᠨᠠᠮᠠᠭᠠᠢ ᠲᠦᠷᠬᠢᠵᠦ᠂ ᠵᠢᠵᠢᠭ ᠢᠰᠡᠭᠡᠢ ᠴᠡᠴᠡᠭ᠂ ᠤᠨᠵᠢᠯᠠᠭᠠᠰᠤ ᠵᠡᠷᠭᠡ ᠶᠢ ᠨᠠᠷᠢᠨ ᠨᠢᠮᠪᠠᠢ ᠨᠠᠭᠠᠨ᠎ᠠ᠂ ᠤᠳᠠᠯ ᠦᠭᠡᠢ ᠰᠡᠳᠭᠢᠨ ᠪᠤᠳᠤᠬᠤ ᠴᠢᠳᠠᠪᠤᠷᠢ ᠲᠠᠢ᠂ ᠥᠪᠡᠷᠮᠢᠴᠡ ᠴᠢᠷᠠᠢ ᠶᠢᠨ ᠵᠢᠷᠤᠭ ᠤᠳ ᠤᠯᠠᠨ ᠤ ᠭᠠᠷ ᠲᠤ ᠮᠡᠨᠳᠦᠯᠡᠪᠡ᠃
手绘京剧脸谱 感受非遗魅力22_副本.jpg
    ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠪᠡᠭᠡᠵᠢᠩ ᠰᠢ  ᠶᠢᠨ ᠴᠢᠷᠠᠢ ᠶᠢᠨ ᠵᠢᠷᠤᠭ ᠤᠨ ᠲᠤᠬᠠᠶ ᠳᠤᠷ᠎ᠠ ᠰᠣᠨᠢᠷᠬᠠᠯ ᠪᠠ ᠬᠠᠶᠢᠷ᠎ᠠ ᠰᠡᠳᠬᠢᠯᠭᠡ ᠶᠢ ᠨᠡᠮᠡᠭᠳᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠤᠬᠠᠮᠰᠠᠷ ᠢ ᠨᠡᠮᠡᠭᠳᠡᠭᠦᠯᠦᠭᠰᠡᠨ ᠪᠥᠭᠡᠳ ᠣᠯᠠᠨ ᠤ ᠰᠣᠶᠣᠯ ᠤᠨ ᠢᠲᠡᠭᠡᠯ ᠵᠣᠷᠢᠭ ᠪᠠ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠳᠡᠭᠡᠭᠰᠢᠯᠡᠭᠦᠯᠦᠭᠰᠡᠨ ᠪᠠᠶᠢᠨ᠎ᠠ᠃ 
ᠢᠷᠡᠯᠲᠡ᠄ ᠰᠢᠩ ᠭᠤᠸᠠᠩ ᠨᠡᠶᠢᠭᠡᠮ ᠲᠣᠭᠤᠷᠢᠭ