ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠪᠤᠭᠤᠲᠤ ᠬᠤᠲᠠ ᠳᠤ ᠣᠷᠣᠪᠠ
ᠨᠡᠶᠢᠲᠡᠯᠡᠭᠰᠡᠨ ᠴᠠᠭ᠄
2024/11/19
    2024 ᠣᠨ ᠤ 11 ᠳ᠋ᠦ᠋ᠭᠡᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠠᠴᠠ ᠭᠤᠤᠯᠯᠠᠨ ᠡᠷᠭᠢᠯᠡᠵᠦ᠂ ᠪᠣᠭᠤᠲᠤ ᠶᠢᠨ ᠪᠣᠯᠤᠳ ᠲᠡᠮᠦᠷ ᠤᠨ ᠺᠣᠮᠫᠠᠨᠢ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ᠂ ᠪᠤᠭᠤᠲᠤ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠬᠠᠮᠵᠢᠯᠴᠠᠨ ᠡᠷᠭᠢᠯᠡᠭᠰᠡᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠤ ᠠᠬᠤᠶᠢᠯᠠᠯ ᠳᠤ ᠣᠷᠣᠬᠤ᠂ ᠳᠡᠭᠡᠳᠦ ᠰᠤᠷᠭᠠᠭᠤᠯᠢ ᠳᠤ ᠣᠷᠣᠬᠤ ᠲᠤᠰᠬᠠᠶ ᠲᠠᠯᠠᠪᠤᠷ ᠤᠨ ᠠᠵᠢᠯᠯᠠᠭ᠎ᠠ ᠲᠣᠰ ᠲᠣᠰ ᠪᠣᠭᠤᠲᠤ ᠶᠢᠨ ᠪᠣᠯᠤᠳ ᠲᠡᠮᠦᠷ ᠤᠨ ᠪᠦᠯᠦᠭᠯᠡᠯ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠳᠤ ᠶᠠᠪᠤᠭᠳᠠᠪᠠ ᠃ ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ᠂ ᠪᠤᠭᠤᠲᠤ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠵᠡᠷᠭᠡ ᠪᠣᠭᠤᠲᠤ ᠳᠤ ᠰᠠᠭᠤᠭ᠎ᠠ ᠠᠵᠤ ᠠᠬᠤᠶᠢᠯᠠᠯ ᠤᠨ 500 ᠭᠠᠷᠤᠢ ᠠᠵᠢᠯᠳᠠᠨ ᠠᠵᠢᠯᠴᠢᠨ ᠤ ᠲᠥᠯᠥᠭᠡᠯᠡᠭᠴᠢ ᠪᠣᠯᠤᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠵᠢᠴᠢ ᠪᠤᠭᠤᠲᠤ ᠳᠤ ᠰᠠᠭᠤᠭ᠎ᠠ ᠪᠤᠰᠤᠳ ᠶᠡᠭᠡ ᠳᠡᠭᠡᠳᠦ ᠰᠤᠷᠭᠠᠭᠤᠯᠢ ᠶᠢᠨ 700 ᠭᠠᠷᠤᠢ ᠪᠠᠭᠰᠢ ᠰᠤᠷᠤᠭᠴᠢᠳ ᠤᠨ ᠲᠥᠯᠥᠭᠡᠯᠡᠭᠴᠢ ᠲᠤᠬᠠᠢ ᠶᠢᠨ ᠲᠠᠯᠠᠪᠠᠢ ᠳᠤ ᠮᠡᠳᠡᠭᠦᠯᠦᠯᠲᠡ ᠶᠢ ᠰᠣᠨᠣᠰᠴᠠᠢ᠃
全国民族团结进步模范事迹宣讲走进包头11.png
    ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠳᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠪᠣᠯᠬᠤ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠲᠦᠩ ᠳ᠋ᠣᠣ ᠵᠡᠭᠡᠯᠢ ᠶᠢᠨ ᠰᠠᠨ ᠱᠦᠨ ᠳ᠋ᠢᠶᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠯᠢ ᠢ ᡁᠢ᠂ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠳᠡᠯᠭᠡᠷᠡᠭᠦᠯᠦᠯᠲᠡ ᠶᠢᠨ ᠰᠤᠳᠤᠯᠤᠭᠴᠢ ᠭᠤᠸᠠᠨ ᠾᠦᠢ ᠮᠢᠩ ᠪᠣᠯᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠣᠯᠬᠤ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠯᠢ ᠶᠢᠨ ᠭᠤᠤᠯ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠣᠷᠳᠣᠰ ᠬᠤᠲᠠ ᠶᠢᠨ ᠦᠤᠰᠢᠨ ᠬᠤᠰᠢᠭᠤᠨ ᠤ ᠨᠣᠭᠤᠭᠠᠷᠠᠭᠤᠯᠤᠯᠲᠠ ᠶᠢᠨ ᠵᠥᠪᠯᠡᠯ ᠤᠨ ᠲᠥᠯᠥᠭᠡᠯᠡᠭᠴᠢ ᠶᠢ ᠤᠷᠢᠵᠤ ᠤᠬᠠᠭᠤᠯᠤᠨ ᠲᠠᠶᠢᠯᠪᠤᠷᠢᠯᠠᠪᠠ᠃ ᠲᠠᠪᠤᠨ ᠲᠥᠯᠥᠭᠡᠯᠡᠭᠴᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠯᠲᠠ ᠪᠠᠨ ᠭᠦᠨ ᠰᠡᠳᠭᠢᠯᠭᠡ ᠲᠠᠢ ᠶᠡᠷᠢᠵᠤ ᠂ ᠲᠤᠰ ᠬᠥᠮᠦᠨ ᠪᠣᠯᠤᠨ ᠲᠤᠰ ᠨᠢᠭᠡᠴᠢ ᠶᠢᠨ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ ᠪᠠᠶᠢᠭᠤᠯᠬᠤ ᠦᠯᠢᠭᠡᠷ ᠢ ᠶᠠᠷᠢᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠨ ᠨᠢᠭᠡᠳᠴᠦ᠂ ᠰᠡᠳᠬᠢᠯ ᠨᠢᠭᠡᠳᠦᠨ ᠪᠦᠯᠬᠦᠮᠳᠡᠵᠦ᠂ ᠬᠠᠷᠢᠯᠴᠠᠨ ᠬᠠᠪᠰᠤᠷᠤᠯᠴᠠᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠢᠯᠡᠳᠦᠯᠭᠡᠵᠢᠭᠦᠯᠦᠭᠴᠢ᠂ ᠠᠬᠢᠭᠤᠯᠤᠭᠴᠢ᠂ ᠰᠠᠬᠢᠨ ᠬᠠᠮᠠᠭᠠᠯᠠᠭᠴᠢ ᠪᠣᠯᠬᠤ ᠶᠢ ᠤᠷᠢᠶᠠᠯᠠᠪᠠ᠃
全国民族团结进步模范事迹宣讲走进包头22.png
    ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠣᠯ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠ ᠢᠳᠡᠪᠬᠢᠲᠡᠶ ᠦᠢᠯᠡᠳᠦᠯᠭᠡ ᠪᠠᠶᠢᠵᠤ᠂ ᠨᠡᠶᠢᠲᠡᠯᠢᠭ ᠵᠢᠱᠢᠶ᠎ᠡ ᠶᠢᠨ ᠦᠢᠯᠡᠳᠦᠯ ᠢ ᠤᠯᠠᠮ ᠨᠢᠭᠡ ᠠᠯᠬᠤᠮ ᠭᠦᠢᠴᠡᠳ ᠪᠠᠳᠠᠷᠠᠭᠤᠯᠵᠤ᠂ ᠪᠦᠬᠦ ᠨᠡᠶᠢᠭᠡᠮ ᠢ ᠬᠦᠳᠦᠯᠦᠨ ᠳᠠᠭᠠᠭᠤᠯᠵᠤ ᠪᠠᠶᠢᠭᠠᠳ ᠦᠨᠳᠦᠰᠦᠲᠡᠨ ᠤ ᠠᠵᠢᠯ ᠢ ᠬᠠᠯᠠᠮᠵᠢᠯᠠᠵᠤ᠂ ᠣᠯᠠᠨ ᠢᠶᠠᠷ ᠢᠶᠠᠨ ᠰᠡᠳᠭᠢᠯ ᠨᠢᠭᠡᠳᠦᠨ ᠨᠠᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠶᠢᠨ ᠲᠦᠯᠦᠭᠡ ᠶᠤᠮ᠃ ᠲᠤᠬᠠᠢ ᠶᠢᠨ ᠲᠠᠯᠠᠪᠠᠢ ᠳᠤ ᠮᠡᠳᠡᠭᠦᠯᠦᠯᠲᠡ ᠶᠢ ᠰᠣᠨᠣᠰᠤᠭᠰᠠᠨ ᠲᠥᠯᠥᠭᠡᠯᠡᠭᠴᠢᠳ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠᠷ ᠵᠣᠷᠢᠭ ᠰᠠᠨᠠᠭᠠᠨ ᠤ ᠵᠢᠯᠤᠭᠤᠳᠤᠯᠭ᠎ᠠ ᠪᠣᠯᠭᠠᠵᠤ᠂ ᠵᠢᠱᠢᠶᠡᠴᠢ ᠬᠠᠮᠲᠤ ᠪᠣᠯᠤᠨ ᠬᠤᠪᠢ ᠬᠥᠮᠦᠨ ᠢᠶᠠᠷ ᠳᠠᠭᠤᠷᠢᠶᠠᠯ ᠪᠣᠯᠭᠠᠵᠤ᠂ ᠦᠨᠳᠦᠰᠦᠲᠡᠨ ᠤ ᠪᠦᠯᠬᠦᠮᠳᠡᠯ ᠢ ᠡᠷᠡᠰ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠴᠠᠭ ᠦᠶ᠎ᠡ ᠶᠢᠨ ᠬᠤᠰᠢᠭᠤᠴᠢ ᠪᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠪᠡ᠃ 
ᠢᠷᠡᠯᠲᠡ᠄ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠤᠷᠭᠠᠨ ᠬᠥᠮᠦᠵᠢᠯ ᠤᠨ ᠰᠠᠯᠠᠭ᠎ᠠ ︵ᠦᠨᠳᠦᠰᠦᠲᠡᠨ ᠤ ᠦᠭᠡ ᠬᠡᠯᠡ ᠦᠰᠦᠭ ᠪ᠊