ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ︽ᠨᠢᠭᠡᠳᠦᠮᠡᠯ ᠹᠷᠣᠨᠲ ᠤᠨ ᠭᠡᠷ︾᠂ ︽ᠤᠯᠠᠭᠠᠨ ᠠᠨᠠᠷ ᠭᠡᠷ ᠣᠷᠣᠨ︾᠂ ︽ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠡᠷ︾᠂ ︽ᠬᠠᠷᠢᠶᠠᠲᠤ ᠨᠠᠷ ᠤᠨ ᠭᠡᠷ︾ ᠵᠢᠴᠢ ᠨᠡᠶᠢᠭᠡᠮ ᠤᠨ ᠰᠢᠨ᠎ᠡ ᠳᠠᠪᠬᠤᠷᠭᠠᠲᠠᠨ ᠤ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ︽ᠪᠠᠶ᠋ᠬᠠᠤᠪᠤᠭ᠎ᠠ ᠶᠢᠨ ᠨᠡᠶᠢᠭᠡᠮ ᠤᠨ ᠰᠢᠨ᠎ᠡ ᠳᠠᠪᠬᠤᠷᠭᠠᠲᠠᠨ ᠰᠡᠳᠬᠢᠯ ᠢᠶᠠᠨ ᠨᠢᠭᠡᠳᠬᠡᠬᠦ︾ ᠫᠠᠶᠢᠰᠠ ᠰᠡᠬᠦᠬᠦ ᠶᠣᠰᠣᠯᠠᠯ ᠲᠡᠭᠦᠰ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/11/21
    ︽ᠪᠠᠶ᠋ᠬᠠᠤᠪᠤᠭ᠎ᠠ ᠶᠢᠨ ᠨᠡᠶᠢᠭᠡᠮ ᠤᠨ ᠰᠢᠨ᠎ᠡ ᠳᠠᠪᠬᠤᠷᠭᠠᠲᠠᠨ ᠰᠡᠳᠬᠢᠯ ᠢᠶᠠᠨ ᠨᠢᠭᠡᠳᠬᠡᠬᠦ︾ ᠫᠠᠶᠢᠰᠠ ᠰᠡᠬᠦᠬᠦ ᠶᠣᠰᠣᠯᠠᠯ ᠲᠡᠭᠦᠰ ᠠᠮᠵᠢᠯᠲᠠ ᠲᠠᠢ ᠶᠠᠪᠤᠭᠳᠠᠪᠠ
白云鄂博矿区“统战之家”“红石榴家园”“工商联之家”“侨胞之家”暨新社会阶层人士实践创新基地“白新同心”揭牌仪式圆满举行11.png
    ᠨᠢᠭᠡᠳᠦᠮᠡᠯ ᠹᠷᠣᠨᠲ ᠤᠨ ᠬᠥᠮᠦᠰ ᠤᠨ ᠦᠢᠯᠡᠳᠦᠯᠭᠡ ᠶᠢᠨ ᠬᠦᠴᠦᠨ ᠪᠠ ᠰᠢᠨ᠎ᠡ ᠶᠢ ᠡᠭᠦᠳᠬᠦ ᠬᠦᠴᠦᠨ ᠢ ᠭᠦᠢᠴᠡᠳ ᠬᠥᠭᠵᠢᠭᠡᠵᠦ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ 20 ᠤ ᠡᠳᠦᠷ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ︽ᠨᠢᠭᠡᠳᠦᠮᠡᠯ ᠹᠷᠣᠨᠲ ᠤᠨ ᠭᠡᠷ︾᠂ ︽ᠤᠯᠠᠭᠠᠨ ᠠᠨᠠᠷ ᠭᠡᠷ ᠣᠷᠣᠨ︾᠂ ︽ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠡᠷ︾᠂ ︽ᠬᠠᠷᠢᠶᠠᠲᠤ ᠨᠠᠷ ᠤᠨ ᠭᠡᠷ︾ ᠵᠢᠴᠢ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ︽ᠪᠠᠶ᠋ᠬᠠᠤᠪᠤᠭ᠎ᠠ ᠶᠢᠨ ᠨᠡᠶᠢᠭᠡᠮ ᠤᠨ ᠰᠢᠨ᠎ᠡ ᠳᠠᠪᠬᠤᠷᠭᠠᠲᠠᠨ ᠰᠡᠳᠬᠢᠯ ᠢᠶᠠᠨ ᠨᠢᠭᠡᠳᠬᠡᠬᠦ︾ ᠫᠠᠶᠢᠰᠠ ᠰᠡᠬᠦᠬᠦ ᠶᠣᠰᠣᠯᠠᠯ ᠲᠡᠭᠦᠰ ᠠᠮᠵᠢᠯᠲᠠ ᠲᠠᠢ ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠯᠢ ᠰᠢᠶᠤᠤ ᠬᠤᠩ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠤᠨ ᠰᠠᠯᠠᠭᠠᠨ ᠤ ᠳᠠᠷᠤᠭ᠎ᠠ ᠼᠦᠢ ᠺᠠᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠢᠯᠢᠭᠲᠦ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠸᠠᠩ ᠰᠢᠶᠤᠤ ᠹᠧᠩ ᠣᠷᠣᠯᠴᠠᠵᠤ᠂ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠶᠠ ᠰᠢᠤᠢ ᠳ᠋ᠦᠩ ᠬᠤᠷᠠᠯ ᠢ ᠡᠷᠬᠢᠯᠡᠵᠦ᠂ ᠲᠣᠭᠤᠷᠢᠭ ᠤᠨ ᠰᠢᠨ᠎ᠡ ᠬᠤᠯᠪᠣᠭ᠎ᠠ ᠶᠢᠨ ᠳᠠᠷᠤᠭ᠎ᠠ ᠰᠢᠤᠢ ᠸᠧᠢ ᠭᠦᠸᠧ᠂ ᠳᠡᠳ᠋ ᠳᠠᠷᠤᠭ᠎ᠠ ᠴᠢᠨ ᠯᠢᠩ᠂ ᠶᠠᠩ ᠵᠧᠨ ᠬᠤᠸᠠ ᠵᠡᠷᠭᠡ ᠨᠡᠶᠢᠭᠡᠮ ᠤᠨ ᠰᠢᠨ᠎ᠡ ᠳᠠᠪᠬᠤᠷᠭ᠎ᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ᠂ ᠨᠠᠮ ᠪᠦᠯᠦᠭ ᠤᠨ ᠪᠤᠰᠤ ᠠᠵᠤ ᠠᠬᠤᠢ ᠵᠡᠷᠭᠡ ᠡᠯ᠎ᠡ ᠡᠲᠡᠭᠡᠳ ᠤᠨ ᠨᠢᠭᠡᠳᠦᠮᠡᠯ ᠹᠷᠣᠨᠲ ᠤᠨ ᠲᠥᠯᠥᠭᠡᠯᠡᠭᠴᠢ ᠬᠥᠮᠦᠰ ᠣᠷᠣᠯᠴᠠᠪᠠ᠃
白云鄂博矿区“统战之家”“红石榴家园”“工商联之家”“侨胞之家”暨新社会阶层人士实践创新基地“白新同心”揭牌仪式圆满举行22.png
    ᠠᠵᠢᠯᠯᠠᠭ᠎ᠠ ᠶᠢᠨ ᠳᠤᠮᠳᠠ᠂ ᠰᠢᠤᠢ ᠸᠧᠶ ᠭᠦᠸᠧ ᠰᠠᠭᠤᠷᠢᠨ ᠭᠠᠵᠠᠷ ᠤᠨ ᠪᠡᠯᠡᠳᠬᠡᠯ ᠠᠵᠢᠯ ᠵᠢᠴᠢ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠲᠠᠨᠢᠯᠴᠠᠭᠤᠯᠵᠤ᠂ ᠲᠡᠭᠦᠨ ᠤ ᠪᠥᠲᠥᠭᠡᠨ ᠪᠠᠶᠢᠭᠤᠯᠤᠯᠲᠠ ᠶᠢᠨ ᠣᠶᠢᠯᠠᠭᠠᠭᠳᠠᠬᠤᠨ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠶᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠲᠤᠬᠠᠶ ᠶᠢᠨ ᠲᠠᠯᠠᠪᠤᠷ ᠲᠤ ᠪᠠᠶᠢᠭ᠎ᠠ ᠵᠣᠴᠢᠳ ᠲᠤ ᠨᠢᠭᠡᠨ ᠲᠣᠳᠣᠷᠬᠠᠶ ᠬᠥᠭᠵᠢᠯᠲᠡ ᠶᠢᠨ ᠵᠢᠷᠤᠭ ᠲᠦᠯᠦᠪᠯᠡᠭᠡ ᠶᠢ ᠵᠢᠷᠤᠭᠯᠠᠵᠤ ᠥᠭᠴᠡᠶ᠃ ᠳᠠᠷᠠᠭ᠎ᠠ ᠨᠢ᠂ ᠪᠠᠶ᠋ᠬᠠᠤᠪᠤᠭ᠎ᠠ ᠠᠵᠤ ᠦᠢᠯᠡᠰ ᠤᠨ ᠬᠦᠷᠢᠶᠡᠯᠡᠩ ᠳᠤ ᠣᠷᠣᠵᠤ ᠰᠠᠭᠤᠭᠰᠠᠨ ᠠᠵᠤ ᠠᠬᠤᠶᠢᠯᠠᠯ — ᠺᠧ ᠺᠧ ︵ᠪᠤᠭᠤᠲᠤ︶ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠯᠢ ᠢᠦᠢ ᠵᠢᠶᠦ᠋ᠨ ᠨᠢᠭᠡᠳᠦᠮᠡᠯ ᠹᠷᠣᠨᠲ ᠤᠨ ᠬᠥᠮᠦᠰ ᠢ ᠲᠥᠯᠥᠭᠡᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠬᠠᠷᠠᠭᠠᠰᠤ ᠠᠴᠠ ᠢᠷᠡᠭᠡᠳᠦᠢ ᠳᠤ ᠭᠠᠷ ᠬᠤᠯᠪᠣᠨ ᠬᠠᠮᠲᠤᠪᠠᠷ ᠤᠷᠤᠭᠰᠢᠯᠠᠬᠤ ᠢᠲᠡᠭᠡᠯ ᠵᠣᠷᠢᠭ ᠢᠶᠠᠨ ᠢᠯᠡᠳᠬᠡᠭᠰᠡᠨ ᠪᠥᠭᠡᠳ ᠬᠤᠶᠢᠰᠢᠳᠠ ᠬᠦᠷᠢᠶᠡᠯᠡᠩ ᠲᠣᠭᠤᠷᠢᠭ ᠤᠨ ᠪᠤᠰᠤᠳ ᠠᠵᠤ ᠠᠬᠤᠶᠢᠯᠠᠯ ᠢ ᠭᠦᠢᠴᠡᠳ ᠳᠠᠶᠢᠴᠢᠯᠠᠵᠤ᠂ ᠠᠵᠤ ᠦᠢᠯᠡᠰ ᠤᠨ ᠳᠡᠭᠡᠳᠦ ᠲᠤᠤᠷᠠᠳᠤ ᠱᠠᠲᠤᠨ ᠤ ᠡᠬᠢ ᠪᠠᠶᠠᠯᠢᠭ ᠢ ᠨᠡᠶᠢᠳᠬᠡᠬᠦ ᠴᠢᠳᠠᠪᠤᠷᠢ ᠪᠠᠨ ᠬᠠᠮᠲᠤᠪᠠᠷ ᠪᠠᠳᠠᠷᠠᠭᠤᠯᠵᠤ᠂ ᠰᠠᠭᠤᠷᠢᠨ ᠭᠠᠵᠠᠷ ᠲᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠦᠰ᠂ ᠰᠢᠨ᠎ᠡ ᠳᠠᠪᠬᠤᠷᠭ᠎ᠠ ᠶᠢᠨ ᠬᠥᠮᠦᠰ ᠢ ᠪᠠᠭᠲᠠᠭᠠᠭᠰᠠᠨ ᠨᠡᠩ ᠤᠯᠠᠨ ᠨᠢᠭᠡᠳᠦᠮᠡᠯ ᠹᠷᠣᠨᠲ ᠤᠨ ᠬᠥᠮᠦᠰ ᠤᠨ ᠬᠥᠭᠵᠢᠯᠲᠡ ᠳᠤ ᠠᠰᠢᠭᠲᠠᠢ ᠲᠦᠷᠦᠯ ᠵᠦᠢᠯ ᠪᠣᠯᠤᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃
白云鄂博矿区“统战之家”“红石榴家园”“工商联之家”“侨胞之家”暨新社会阶层人士实践创新基地“白新同心”揭牌仪式圆满举行33.png
    ᠪᠢᠯᠢᠭᠲᠦ ᠶᠠᠷᠢᠶᠠᠨ ᠳᠠᠭᠠᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠥᠷᠭᠡᠨ ᠣᠯᠠᠨ ᠨᠢᠭᠡᠳᠦᠮᠡᠯ ᠹᠷᠣᠨᠲ ᠤᠨ ᠬᠥᠮᠦᠰ ᠤᠨ ᠣᠳᠣᠬᠠᠨ ᠤ ᠨᠡᠶᠢᠭᠡᠮ ᠤᠨ ᠪᠠᠶᠢᠷᠢᠰᠢᠯ ᠳᠠᠬᠢ ᠴᠢᠬᠤᠯᠠ ᠪᠠᠶᠢᠷᠢ ᠰᠠᠭᠤᠷᠢ ᠪᠠ ᠦᠢᠯᠡᠳᠦᠯ ᠢ ᠭᠦᠨᠵᠡᠭᠡᠶ ᠲᠣᠳᠣᠷᠬᠠᠶᠢᠯᠠᠨ ᠥᠭᠦᠯᠡᠪᠡ᠃ ᠲᠡᠷᠡ᠂ ︽ᠪᠠᠶ᠋ᠬᠠᠤᠪᠤᠭ᠎ᠠ ᠶᠢᠨ ᠨᠡᠶᠢᠭᠡᠮ ᠤᠨ ᠰᠢᠨ᠎ᠡ ᠳᠠᠪᠬᠤᠷᠭᠠᠲᠠᠨ ᠰᠡᠳᠬᠢᠯ ᠢᠶᠠᠨ ᠨᠢᠭᠡᠳᠬᠡᠬᠦ︾ ᠰᠠᠭᠤᠷᠢᠨ ᠭᠠᠵᠠᠷ ᠪᠣᠯ ᠪᠥᠬᠦ ᠲᠣᠭᠤᠷᠢᠭ ᠤᠨ ᠮᠢᠩᠭ᠎ᠠ ᠰᠢᠬᠠᠮ ᠰᠢᠨ᠎ᠡ ᠳᠠᠪᠬᠤᠷᠭ᠎ᠠ ᠶᠢᠨ ᠬᠥᠮᠦᠰ ᠢ ᠪᠠᠭᠲᠠᠭᠠᠭᠰᠠᠨ ᠨᠢᠭᠡᠳᠦᠮᠡᠯ ᠹᠷᠣᠨᠲ ᠤᠨ ᠬᠥᠮᠦᠰ ᠪᠠᠶᠢᠭᠤᠯᠤᠭᠰᠠᠨ ᠨᠢᠭᠡᠨ ᠨᠠᠩ ᠥᠷᠭᠡᠨ ᠠᠭᠤᠳᠠᠮ᠂ ᠨᠠᠩ ᠴᠢᠨᠠᠷ ᠰᠠᠶᠢᠲᠠᠶ᠂ ᠨᠠᠩ ᠥᠨᠳᠥᠷ ᠪᠦᠲᠦᠮᠵᠢᠲᠡᠶ ᠲᠠᠪᠴᠠᠩ ᠪᠣᠯᠬᠤ ᠪᠥᠭᠡᠳ ᠪᠠᠰᠠ ᠥᠷᠭᠡᠨ ᠣᠯᠠᠨ ᠨᠢᠭᠡᠳᠦᠮᠡᠯ ᠹᠷᠣᠨᠲ ᠤᠨ ᠬᠥᠮᠦᠰ ᠤᠨ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠴᠢᠬᠤᠯᠠ ᠵᠢᠭᠰᠠᠭᠠᠯ ᠤᠨ ᠭᠠᠵᠠᠷ ᠪᠣᠯᠬᠤ ᠪᠣᠯᠤᠨ᠎ᠠ︔ ᠰᠠᠭᠤᠷᠢᠨ ᠭᠠᠵᠠᠷ ᠪᠣᠯ ᠥᠷᠭᠡᠨ ᠣᠯᠠᠨ ᠨᠢᠭᠡᠳᠦᠮᠡᠯ ᠹᠷᠣᠨᠲ ᠤᠨ ᠬᠥᠮᠦᠰ ᠤᠨ ᠰᠣᠯᠢᠯᠴᠠᠨ ᠬᠥᠳᠡᠯᠦᠯᠴᠡᠬᠦ ᠲᠠᠯᠠᠪᠤᠷ ᠪᠣᠯᠬᠤ ᠪᠠᠷ ᠪᠠᠷᠠᠬᠤ ᠥᠬᠡᠶ᠂ ᠨᠠᠩ ᠴᠤ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠵᠢᠴᠢ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠮᠡᠯ ᠹᠷᠣᠨᠲ ᠤᠨ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠨ᠎ᠠ᠃ ᠡᠭᠦᠨ ᠤ ᠬᠠᠮᠲᠤ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠢ ᠪᠠᠭᠲᠠᠭᠠᠭᠰᠠᠨ ᠥᠷᠭᠡᠨ ᠣᠯᠠᠨ ᠨᠢᠭᠡᠳᠦᠮᠡᠯ ᠹᠷᠣᠨᠲ ᠤᠨ ᠬᠥᠮᠦᠰ ︽ᠪᠠᠶ᠋ᠬᠠᠤᠪᠤᠭ᠎ᠠ ᠶᠢᠨ ᠨᠡᠶᠢᠭᠡᠮ ᠤᠨ ᠰᠢᠨ᠎ᠡ ᠳᠠᠪᠬᠤᠷᠭᠠᠲᠠᠨ ᠰᠡᠳᠬᠢᠯ ᠢᠶᠠᠨ ᠨᠢᠭᠡᠳᠬᠡᠬᠦ︾ ᠰᠠᠭᠤᠷᠢᠨ ᠭᠠᠵᠠᠷ ᠢᠶᠠᠷ ᠲᠦᠰᠢᠭ ᠪᠣᠯᠭᠠᠵᠤ᠂ ᠢᠳᠡᠪᠬᠢᠲᠡᠶ ᠪᠠᠷ ᠪᠦᠬᠦ ᠬᠦᠴᠦᠨ ᠢᠶᠠᠷ ᠢᠶᠠᠨ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠭᠡᠷᠡᠯ ᠰᠠᠴᠤᠷᠠᠩᠭᠤᠶ ᠦᠢᠯᠡᠰ ᠲᠤ ᠣᠷᠣᠯᠴᠠᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃    ᠳᠠᠷᠠᠭ᠎ᠠ ᠨᠢ᠂ ᠯᠢ ᠰᠢᠶᠤᠤ ᠬᠤᠩ ᠪᠣᠯᠤᠨ ᠸᠠᠩ ᠰᠢᠶᠤᠤ ᠹᠧᠩ ︽ᠪᠠᠶ᠋ᠬᠠᠤᠪᠤᠭ᠎ᠠ ᠶᠢᠨ ᠨᠡᠶᠢᠭᠡᠮ ᠤᠨ ᠰᠢᠨ᠎ᠡ ᠳᠠᠪᠬᠤᠷᠭᠠᠲᠠᠨ ᠰᠡᠳᠬᠢᠯ ᠢᠶᠠᠨ ᠨᠢᠭᠡᠳᠬᠡᠬᠦ︾ ᠰᠠᠭᠤᠷᠢᠨ ᠭᠠᠵᠠᠷ ᠤᠨ ᠫᠠᠶᠢᠰᠠ ᠶᠢ ᠰᠡᠬᠦᠵᠦ᠂ ︽ᠨᠢᠭᠡᠳᠦᠮᠡᠯ ᠹᠷᠣᠨᠲ ᠤᠨ ᠭᠡᠷ︾᠂ ︽ᠤᠯᠠᠭᠠᠨ ᠠᠨᠠᠷ ᠭᠡᠷ ᠣᠷᠣᠨ︾᠂ ︽ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠡᠷ︾᠂ ︽ᠬᠠᠷᠢᠶᠠᠲᠤ ᠨᠠᠷ ᠤᠨ ᠭᠡᠷ︾ ᠢ ᠨᠢᠭᠡ ᠴᠤᠬᠴᠠᠵᠢᠭᠤᠯᠤᠬᠰᠠᠨ ᠨᠢᠭᠡᠳᠦᠮᠡᠯ ᠹᠷᠣᠨᠲ ᠤᠨ ᠬᠥᠮᠦᠰ ᠤᠨ ᠤᠯᠠᠨ ᠴᠢᠳᠠᠮᠵᠢᠳᠤ ᠰᠠᠭᠤᠷᠢᠨ ᠭᠠᠵᠠᠷ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠮᠲᠤ ᠪᠠᠷ ᠭᠡᠷᠡᠴᠢᠯᠡᠪᠡ᠃ ᠫᠠᠶᠢᠰᠠ ᠰᠡᠬᠦᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠪᠥᠬᠦ ᠬᠥᠮᠦᠰ ᠬᠠᠮᠲᠤ ᠪᠠᠷ ︽ᠪᠠᠶ᠋ᠬᠠᠤᠪᠤᠭ᠎ᠠ ᠶᠢᠨ ᠨᠡᠶᠢᠭᠡᠮ ᠤᠨ ᠰᠢᠨ᠎ᠡ ᠳᠠᠪᠬᠤᠷᠭᠠᠲᠠᠨ ᠰᠡᠳᠬᠢᠯ ᠢᠶᠠᠨ ᠨᠢᠭᠡᠳᠬᠡᠬᠦ︾ ᠰᠠᠭᠤᠷᠢᠨ ᠭᠠᠵᠠᠷ ᠢ ᠲᠣᠭᠤᠷᠢᠨ ᠦᠵᠡᠪᠡ᠃    ᠲᠣᠰ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ︽ᠪᠠᠶ᠋ᠬᠠᠤᠪᠤᠭ᠎ᠠ ᠶᠢᠨ ᠨᠡᠶᠢᠭᠡᠮ ᠤᠨ ᠰᠢᠨ᠎ᠡ ᠳᠠᠪᠬᠤᠷᠭᠠᠲᠠᠨ ᠰᠡᠳᠬᠢᠯ ᠢᠶᠠᠨ ᠨᠢᠭᠡᠳᠬᠡᠬᠦ︾ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠢᠶᠠᠷ ᠪᠠᠷᠠᠬᠤ ᠥᠬᠡᠶ᠂ ᠪᠠᠰᠠ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠨᠢᠭᠡᠳᠦᠮᠡᠯ ᠹᠷᠣᠨᠲ ᠤᠨ ᠠᠵᠢᠯ ᠳᠤ ᠨᠠᠩ ᠥᠷᠭᠡᠨ ᠠᠭᠤᠳᠠᠮ ᠰᠣᠯᠢᠯᠴᠠᠭᠠᠨ ᠤ ᠲᠠᠪᠴᠠᠩ ᠪᠠᠶᠢᠭᠤᠯᠵᠤ᠂ ᠡᠯ᠎ᠡ ᠲᠠᠯ᠎ᠠ ᠶᠢᠨ ᠬᠦᠴᠦᠨ ᠴᠢᠳᠠᠯ ᠢ ᠨᠢᠭᠲᠠᠷᠠᠭᠤᠯᠬᠤ ᠶᠢ ᠬᠦᠴᠦᠲᠡᠶ ᠠᠬᠢᠭᠤᠯᠵᠤ᠂ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠬᠥᠭᠵᠢᠯᠲᠡ ᠳᠤ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ ᠡᠷᠭᠦᠪᠡ᠃ 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ