ᠳᠦᠷᠪᠡᠳᠦᠭᠡᠷ ᠤᠯᠠᠷᠢᠯ ᠳᠤ᠂ ᠬᠢᠮᠢ ᠶᠢᠨ ᠪᠠᠶᠢᠴᠠᠭᠠᠯᠲᠠ ᠶᠢᠨ ᠬᠥᠮᠥᠷᠭᠡᠯᠡᠨ ᠬᠠᠳᠠᠭᠠᠯᠠᠬᠤ ᠠᠵᠢᠯ ᠤᠨ ᠬᠡᠯᠲᠡᠰ ᠬᠢᠨ ︽ᠰᠢᠢᠳᠪᠦᠷᠢᠯᠡᠭᠳᠡᠬᠦᠢ ᠰᠡᠳᠭᠢᠬᠦᠢ ᠪᠠᠷ ᠪᠦᠬᠦ ᠵᠢᠯ ᠤᠨ | ᠡᠭᠦᠷᠭᠡ ᠶᠢ ᠰᠢᠪᠲᠤᠯᠬᠤ︾ ᠶᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠦᠬᠦ ᠵᠢᠯ ᠤᠨ ᠡᠭᠦᠷᠭᠡ ᠬᠠᠷᠠᠯᠲᠠ ᠪᠠᠨ ᠡᠷᠡᠰ ᠪᠡᠶᠡᠯᠡᠭᠦᠯᠵᠦ᠂ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠢᠯᠠᠯᠲᠠ ᠣᠯᠬᠤ ︽ᠰᠠᠨᠠᠭᠠᠴᠢᠯᠠᠭᠠᠲᠤ ᠳᠠᠶᠢᠯᠠᠯᠳᠤᠭᠠᠨ᠂ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ | ᠰᠠᠶᠢᠲᠤᠷ ᠬᠢᠵᠦ ᠪᠦᠬᠦ ᠺᠠᠳ᠋ᠷ ᠠᠵᠢᠯᠲᠠᠨ ᠠᠵᠢᠯᠴᠢᠨ ᠢ ︽ᠨᠤᠮᠤ ᠪᠠᠨ ᠳᠦᠭᠦᠷᠭᠡᠵᠦ᠂ ᠴᠢᠪᠬᠠᠳᠠᠰᠤ ᠪᠠᠨ ᠴᠢᠩᠭᠠᠯᠠᠵᠤ︾ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ | ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠬᠤ ᠶᠢ ᠤᠷᠢᠶᠠᠯᠠᠪᠠ᠃ | | | | | | ᠲᠦᠷᠦᠭᠦᠤ ᠭᠤᠷᠪᠠᠨ ᠤᠯᠠᠷᠢᠯ ᠢ ᠡᠷᠭᠢᠴᠡᠭᠦᠯᠵᠦ᠂ ᠬᠢᠮᠢ ᠶᠢᠨ ᠪᠠᠶᠢᠴᠠᠭᠠᠯᠲᠠ ᠶᠢᠨ ᠬᠥᠮᠥᠷᠭᠡᠯᠡᠨ ᠬᠠᠳᠠᠭᠠᠯᠠᠬᠤ ᠠᠵᠢᠯ ᠤᠨ ᠬᠡᠯᠲᠡᠰ ᠨᠢ ᠠᠭᠤᠷᠬᠠᠶ ᠮᠠᠯᠲᠠᠬᠤ ᠲᠠᠯᠠᠪᠠᠢ ᠶᠢᠨ | ᠪᠣᠳᠠᠲᠠᠶ ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ ᠵᠦᠶ ᠵᠣᠬᠢᠰᠲᠠᠶ ᠲᠣᠬᠢᠷᠠᠭᠤᠯᠵᠤ᠂ ᠠᠭᠤᠯᠠᠨ ᠳᠣᠤᠷ᠎ᠠ᠂ ᠠᠭᠤᠯᠠᠨ ᠳᠡᠭᠡᠷᠡᠬᠢ ᠭᠠᠳᠠᠭᠰᠢ ᠭᠠᠷᠭᠠᠬᠤ ᠰᠣᠷᠢᠨᠵᠢᠨ | ᠴᠢᠨᠠᠷᠲᠠᠶ ᠲᠡᠮᠦᠷ ᠪᠣᠯᠤᠨ ᠪᠦᠬᠦ ᠲᠡᠮᠦᠷ ᠤᠨ ᠲᠣᠭᠲᠠᠭᠤᠨ ᠪᠠᠶᠢᠬᠤ ᠶᠢ ᠪᠠᠲᠤᠯᠠᠵᠤ᠂ ᠬᠦᠳᠡᠷ ᠤᠨ ᠬᠤᠬᠢᠷᠠᠯ ᠤᠨ ᠨᠣᠷᠮ᠎ᠠ ᠶᠢ ᠪᠠᠭᠤᠷᠠᠭᠤᠯᠵᠤ᠂ ᠡᠯ᠎ᠡ ᠵᠦᠢᠯ ᠤᠨ ᠶᠠᠰᠤ ᠴᠢᠨᠠᠷ ᠤᠨ | ᠬᠦᠢᠴᠡᠳᠬᠡᠯ ᠲᠤᠭ᠎ᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ ᠣᠳᠣᠬᠠᠨ ᠪᠣᠯᠳᠠᠯ᠎ᠠ᠂ ᠮᠠᠯᠳᠠᠯᠳᠠ ᠶᠢᠨ ᠲᠠᠯᠠᠪᠣᠷ ᠲᠤ ᠨᠦᠬᠡᠯᠡᠨ ᠦᠯᠢᠭᠡᠷ ᠠᠪᠬᠤ ᠠᠵᠢᠯ ᠢ 4671 | ᠪᠡᠶᠡᠯᠡᠬᠦᠯᠵᠦ᠂ ᠬᠠᠭᠤᠷᠠᠢ ᠰᠣᠩᠭᠤᠯᠳᠠ᠂ ᠰᠣᠷᠢᠨᠵᠢᠨ ᠢᠶᠠᠷ ᠰᠣᠩᠭᠤᠨ ᠠᠪᠬᠤ ᠦᠯᠢᠭᠡᠷ ᠶᠠᠩᠵᠤ 4863 ᠪᠣᠯᠵᠦ᠂ 1 – 10 ᠳ᠋ᠤᠭᠠᠷ ᠰᠠᠷ᠎ᠠ ᠳᠤ ᠪᠣᠣ ᠱᠠᠨ ᠠᠭᠤᠯᠠᠨ ᠤ | ᠳᠣᠣᠷᠠᠬᠢ ᠶᠢ 415.52 ᠲᠦᠮᠡᠨ ᠲᠣᠨ᠂ ᠪᠣᠣ ᠱᠠᠨ ᠠᠭᠤᠯᠠᠨ ᠳᠡᠭᠡᠷᠡᠬᠢ ᠶᠢ 528.12 ᠲᠦᠮᠡᠨ ᠲᠣᠨ ᠭᠠᠷᠭᠠᠪᠠ᠂ ᠡᠭᠦᠨ ᠳᠤ ᠪᠣᠣ ᠱᠠᠨ ᠠᠭᠤᠯᠠᠨ ᠳᠡᠭᠡᠷᠡᠬᠢ 75.2 | ᠲᠦᠮᠡᠨ ᠲᠣᠨ ᠬᠠᠭᠤᠷᠠᠢ ᠰᠣᠩᠭᠤᠵᠤ ᠭᠠᠷᠭᠠᠪᠠ᠃ ᠦᠢᠯᠡᠳᠪᠦᠷᠢᠯᠡᠬᠦ᠂ ᠴᠣᠭᠤᠯᠬᠤ ᠵᠢᠴᠢ ᠪᠤᠰᠤᠳ ᠡᠯ᠎ᠡ ᠲᠥᠷᠥᠯ ᠤᠨ ᠲᠤᠷᠰᠢᠨ ᠪᠠᠶᠢᠴᠠᠭᠠᠵᠤ ᠵᠠᠳᠠᠯᠬᠤ ᠠᠵᠢᠯ ᠢ ᠬᠢᠨᠠᠮᠠᠭᠠᠶ | ᠪᠡᠶᠡᠯᠡᠭᠦᠯᠵᠦ᠂ ᠬᠢᠮᠢ ᠶᠢᠨ ᠵᠠᠳᠠᠯᠤᠯᠲᠠ ᠶᠢᠨ ᠦᠷ᠎ᠡ ᠳ᠋ᠦᠩ ᠢ ᠴᠠᠭ ᠲᠤᠬᠠᠶ ᠳᠤᠨᠢ ᠣᠨᠣᠪᠴᠢᠲᠠᠶ ᠮᠡᠳᠡᠭᠦᠯᠦᠨ ᠭᠠᠷᠭᠠᠬᠤ ᠶᠢ ᠪᠠᠲᠤᠯᠠᠪᠠ᠃ ᠡᠭᠦᠨ ᠳᠤ᠂ ᠨᠦᠬᠡ ᠴᠣᠭᠤᠯᠬᠤ | ᠲᠤᠷᠰᠢᠯᠲᠠ ᠶᠢᠨ ᠥᠯᠢᠭᠡᠷ 144 ᠪᠦᠯᠦᠭ ᠤᠳᠠᠭ᠎ᠠ 4671 ᠲᠤᠷᠰᠢᠵᠦ᠂ ᠦᠢᠯᠡᠳᠪᠦᠷᠢᠯᠡᠯ ᠤᠨ ᠲᠤᠷᠰᠢᠯᠲᠠ ᠶᠢᠨ ᠥᠯᠢᠭᠡᠷ 469 ᠪᠦᠯᠦᠭ ᠤᠳᠠᠭ᠎ᠠ 3306 ᠲᠤᠷᠰᠢᠵᠦ᠂ | ᠪᠦᠦ ᠱᠠᠨ ᠬᠥᠳᠡᠯᠭᠡᠬᠦ ᠬᠦᠴᠦᠨ ᠤ ᠨᠡᠭᠦᠷᠡᠰᠦ 170 ᠪᠦᠯᠦᠭ ᠤᠳᠠᠭ᠎ᠠ 385 ᠲᠤᠷᠰᠢᠵᠦ᠂ ᠰᠣᠷᠢᠨᠵᠢᠨ ᠢᠶᠠᠷ ᠰᠣᠩᠭᠤᠬᠤ ᠲᠤᠷᠰᠢᠯᠲᠠ ᠶᠢᠨ ᠥᠯᠢᠭᠡᠷ 1306 ᠪᠦᠯᠦᠭ | ᠤᠳᠠᠭ᠎ᠠ 4863 ᠲᠤᠷᠰᠢᠵᠦ᠂ ᠪᠤᠰᠤᠳ ᠲᠤᠷᠰᠢᠯᠲᠠ ᠶᠢᠨ ᠥᠯᠢᠭᠡᠷ 203 ᠪᠦᠯᠦᠭ ᠤᠳᠠᠭ᠎ᠠ 500 ᠲᠤᠷᠰᠢᠬᠤ ᠶᠢ ᠪᠡᠶᠡᠯᠡᠭᠦᠯᠪᠡ᠃ | ᠰᠢᠪᠲᠤᠯᠤᠯᠲᠠ ᠶᠢᠨ ᠱᠠᠲᠤᠨ ᠳᠤ᠂ ᠬᠢᠮᠢ ᠶᠢᠨ ᠪᠠᠶᠢᠴᠠᠭᠠᠯᠲᠠ ᠶᠢᠨ ᠬᠥᠮᠥᠷᠭᠡᠯᠡᠨ ᠬᠠᠳᠠᠭᠠᠯᠠᠬᠤ ᠠᠵᠢᠯ ᠤᠨ ᠬᠡᠯᠲᠡᠰ ᠠᠴᠠ ᠥᠯᠢᠭᠡᠷ ᠠᠪᠬᠤ᠂ ᠠᠭᠤᠷᠬᠠᠶ ᠲᠣᠬᠢᠷᠠᠭᠤᠯᠬᠤ᠂ | ᠪᠠᠶᠢᠴᠠᠭᠠᠬᠤ ᠥᠷᠲᠡᠭᠡ ᠶᠢᠨ ᠠᠵᠢᠯ ᠤᠨ ᠳᠡᠰ ᠳᠠᠷᠠᠭᠠᠯᠠᠯ ᠤᠨ ᠬᠠᠮᠢᠶᠠᠷᠤᠯᠲᠠ ᠡᠵᠡᠮᠳᠡᠯ ᠢ ᠦᠷᠭᠦᠯᠵᠢᠯᠡᠨ ᠴᠢᠩᠭᠠᠳᠬᠠᠵᠤ᠂ ᠬᠢᠮᠢ ᠶᠢᠨ ᠰᠢᠯᠭᠠᠨ ᠪᠠᠶᠢᠴᠠᠭᠠᠯᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠳᠡᠭᠡᠭᠰᠢᠯᠡᠭᠦᠯᠦᠨ᠂ ᠰᠢᠨᠵᠢᠯᠡᠨ ᠰᠢᠯᠭᠠᠬᠤ ᠳ᠋ᠠᠶᠢᠲ᠋ᠠ ᠶᠢᠨ ᠨᠠᠷᠢᠯᠢᠭ ᠣᠨᠤᠪᠴᠢᠲᠠᠢ ᠪᠥᠭᠡᠳ ᠨᠠᠶᠢᠳᠠᠪᠤᠷᠢᠲᠠᠶ ᠪᠠᠶᠢᠬᠤ ᠶᠢ ᠪᠠᠲᠤᠯᠠᠵᠤ᠂ | ︽ᠳ᠋ᠠᠶᠢᠲ᠋ᠠᠴᠢᠯᠠᠭᠰᠠᠨ ᠠᠭᠤᠷᠬᠠᠶ︾ ᠶᠢᠨ ᠬᠡᠮᠵᠢᠨ ᠵᠢᠷᠤᠬᠤ ᠬᠦᠷᠢᠶᠡᠨ ᠤ ᠬᠥᠭᠵᠢᠯᠲᠡ ᠵᠢᠴᠢ ᠬᠡᠳᠦ ᠹᠦᠨᠲ ᠶᠢᠨ ᠬᠡᠮᠵᠢᠯᠲᠡ ᠶᠢᠨ ᠠᠵᠢᠯ ᠤᠨ ᠨᠢᠭᠲᠠ ᠥᠷᠨᠢᠬᠦ ᠶᠢ ᠦᠷᠭᠦᠯᠵᠢᠯᠡᠨ | ᠠᠬᠢᠭᠤᠯᠪᠠ᠃ ᠺᠣᠮᠫᠠᠨᠢ ᠶᠢᠨ ᠪᠠᠭᠤᠯᠭᠠᠭᠰᠠᠨ ᠬᠦᠳᠡᠷ ᠤᠨ ᠶᠠᠰᠤ ᠴᠢᠨᠠᠷ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠪᠦᠬᠦ ᠵᠢᠯ ᠤᠨ ᠦᠢᠯᠡᠳᠪᠦᠷᠢᠯᠡᠯ ᠤᠨ ᠡᠭᠦᠷᠭᠡ ᠪᠠᠨ | ᠪᠡᠶᠡᠯᠡᠭᠦᠯᠬᠦ ᠳᠤ ᠬᠦᠴᠦᠨ ᠨᠡᠮᠡᠷᠢᠯᠡᠪᠡ᠃ ᠠᠭᠤᠷᠬᠠᠢ ᠮᠠᠯᠲᠠᠬᠤ ᠲᠠᠯᠠᠪᠠᠢ ᠶᠢᠨ ᠳᠣᠲᠣᠷ᠎ᠠ ᠭᠠᠳᠠᠨᠠᠬᠢ ᠬᠤᠣᠷ ᠬᠥᠨᠥᠭᠡᠯ ᠲᠠᠢ ᠡᠯᠧᠮᠧᠨ᠋ᠲ ᠤᠨ ᠪᠠᠶᠢᠳᠠᠯ ᠳᠤ ᠭᠤᠣᠯᠳᠠᠯᠭ᠎ᠠ ᠲᠠᠢ ᠪᠠᠷ | ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠬᠦᠳᠡᠷ ᠤᠨ ᠶᠠᠰᠤ ᠴᠢᠨᠠᠷ ᠢ ᠤᠯᠠᠮ ᠨᠢᠭᠡ ᠠᠯᠬᠤᠮ ᠴᠢᠩᠭ᠎ᠠ ᠡᠵᠡᠮᠳᠡᠪᠡ᠃ | ︽ᠰᠢᠢᠳᠪᠦᠷᠢᠯᠡᠭᠳᠡᠬᠦᠢ ᠰᠡᠳᠬᠢᠬᠦᠶ ᠶᠢ ᠪᠣᠶ ᠪᠣᠯᠭᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠪᠥᠬᠦ ᠵᠢᠯ ᠤᠨ ᠡᠭᠦᠷᠭᠡ ᠶᠢᠨ ᠰᠢᠢᠳᠪᠤᠷᠢᠲᠤ ᠢᠯᠠᠯᠲᠠ ᠶᠢ ᠤᠯᠬᠤ︾ | ᠲᠤᠰᠬᠠᠶ ᠰᠡᠳᠦᠪᠲᠦ ᠠᠵᠢᠯᠯᠠᠭ᠎ᠠ ᠶᠢᠨ ᠠᠬᠢᠭᠤᠯᠤᠯ ᠳᠣᠤᠷ᠎ᠠ᠂ ᠬᠢᠮᠢ ᠶᠢᠨ ᠪᠠᠶᠢᠴᠠᠭᠠᠯᠲᠠ ᠶᠢᠨ ᠬᠥᠮᠥᠷᠭᠡᠯᠡᠨ ᠬᠠᠳᠠᠭᠠᠯᠠᠬᠤ ᠠᠵᠢᠯ ᠤᠨ ᠬᠡᠯᠲᠡᠰ ᠤᠨ ᠪᠥᠬᠦ ᠠᠵᠢᠯᠲᠠᠨ ᠠᠵᠢᠯᠴᠢᠨ | ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠪᠥᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢᠨ ᠲᠥᠯᠥᠭᠡ ᠴᠢᠷᠮᠠᠶᠢᠨ | ᠲᠡᠮᠡᠴᠡᠨ᠎ᠡ᠃ | |