ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠣᠢᠯᠠᠭᠠᠭᠰᠠᠨ ᠢᠶᠠᠷ᠂ 2024 ᠣᠨ ᠤ | ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠤᠨ ᠤᠷᠤᠯᠳᠤᠭᠠᠨ ᠳᠤ ᠢᠯᠠᠭᠰᠠᠨ ᠨᠡᠷᠡᠰ ᠢ 11 ᠳ᠋ᠦ᠋ᠭᠡᠷ ᠰᠠᠷ᠎ᠠ ᠶᠢᠨ 22 ᠤ ᠡᠳᠦᠷ ᠨᠡᠶᠢᠲᠡᠯᠡᠵᠦ᠂ ᠮᠠᠨ ᠤ ᠣᠷᠣᠨ ᠤ | ᠪᠤᠭᠤᠲᠤ ᠶᠢᠨ ᠬᠤᠪᠣᠷ ᠰᠢᠷᠤᠢ ᠶᠢᠨ ᠰᠢᠨ᠎ᠡ ᠮᠠᠲ᠋ᠧᠷᠢᠶᠠᠯ ᠤᠨ ᠪᠦᠯᠦᠭᠵᠢᠯ᠂ ᠣᠷᠳᠣᠰ ᠬᠤᠲᠠ ᠱᠠᠨᠰᠢ ᠮᠣᠵᠢ ᠶᠢᠨ ᠲᠡᠮᠡᠭᠡᠲᠦ ᠬᠤᠲᠠ ᠪᠣᠯᠤᠨ ᠨᠢᠩᠱᠢᠶᠠ ᠶᠢᠨ ᠬᠤᠲᠣᠩ | ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠲᠠᠢ ᠬᠠᠮᠲᠤᠷᠠᠭᠰᠠᠨ ᠨᠢᠩᠳᠦ᠋ᠩ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠲᠡᠮᠡᠭᠡᠲᠦ ᠣᠷᠳᠤᠰ | ᠨᠢᠩᠰᠢᠶᠠ ᠶᠢᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠢᠯᠠᠯᠲᠠ ᠣᠯᠪᠠ᠃ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠤᠨ ᠤᠷᠤᠯᠳᠤᠭᠠᠨ ᠨᠢ ᠠᠵᠢᠯ ᠮᠡᠷᠭᠡᠵᠢᠯ ᠤᠨ | ᠳᠣᠲᠣᠷ᠎ᠠ ᠪᠠᠨ ︽ᠤᠯᠤᠰ ᠤᠨ ᠠᠩᠭᠢ︾ ᠶᠢᠨ ᠰᠢᠯᠭᠠᠷᠠᠭᠤᠯᠬᠤ ᠤᠷᠤᠯᠳᠤᠭᠠᠨ ᠭᠡᠵᠦ ᠦᠨᠡᠯᠡᠭᠳᠡᠵᠦ᠂ ᠡᠨᠡ ᠬᠦ ᠭᠠᠷᠮᠠᠭᠠᠢ ᠬᠥᠮᠥᠰ ᠤᠨ ᠴᠤᠭᠯᠠᠷᠠᠭᠰᠠᠨ ᠣᠷᠣᠯᠳᠤᠭᠠᠨ ᠳᠤ | ᠴᠣᠯᠭᠤᠷᠠᠨ ᠭᠠᠷᠤᠭᠰᠠᠨ ᠨᠢ᠂ ᠤᠯᠤᠰ ᠤᠨ ᠳᠣᠲᠣᠭᠠᠳᠤ ᠶᠢᠨ ᠠᠵᠤ ᠦᠢᠯᠡᠰ ᠤᠨ ᠪᠦᠯᠦᠭᠵᠢᠯ ᠤᠨ ᠬᠠᠮᠤᠭ ᠤᠨ ᠥᠨᠳᠥᠷ ᠬᠢᠷᠢ ᠲᠦᠪᠰᠢᠨ ᠢ ᠲᠥᠯᠥᠭᠡᠯᠡᠵᠦ ᠴᠢᠳᠠᠬᠤ ᠶᠤᠮ᠃ | ᠤᠯᠤᠰ ᠤᠨ ᠬᠤᠯᠪᠣᠭᠳᠠᠯ ᠪᠥᠬᠦᠶ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠲᠦᠷᠭᠡᠳᠬᠡᠨ ᠪᠤᠶᠢᠵᠢᠭᠤᠯᠬᠤ ᠪᠠ ᠬᠥᠭᠵᠢᠭᠦᠯᠬᠦ ᠶᠢᠨ ᠲᠤᠰᠠᠳᠠ᠂ | ᠮᠠᠨ ᠤ ᠣᠷᠣᠨ ᠡᠨᠡ ᠵᠢᠯ ᠤᠨ 8 ᠳ᠋ᠤᠭᠠᠷ ᠰᠠᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠤᠨ | ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠲᠥᠰᠦᠯ︾ ᠢ ᠳᠠᠷᠤᠮᠠᠯᠯᠠᠨ ᠲᠠᠷᠬᠠᠭᠠᠵᠤ᠂ 2027 ᠤᠨ ᠪᠣᠯᠬᠤ ᠳᠤ᠂ ᠳᠡᠯᠡᠬᠡᠶ ᠶᠢᠨ ᠲᠠᠰ ᠤᠨ ᠲᠡᠷᠢᠭᠦᠨ ᠤ ᠦᠢᠯᠡᠳᠬᠦ | ᠦᠢᠯᠡᠰ ᠤᠨ ᠪᠦᠯᠦᠭᠵᠢᠯ 1᠂ ᠤᠯᠤᠰ ᠤᠨ ᠲᠠᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠤ | ᠦᠢᠯᠡᠳᠬᠦ ᠦᠢᠯᠡᠰ ᠤᠨ ᠪᠦᠯᠦᠭᠵᠢᠯ 9 ᠪᠠᠶᠢᠭᠤᠯᠬᠤ ᠪᠠᠷ ᠴᠢᠷᠮᠠᠶᠢᠬᠤ ᠶᠢ ᠳᠤᠷᠠᠳᠪᠠ᠃ ᠲᠣᠰ ᠣᠳᠠᠭᠠᠨ ᠤ ᠢᠯᠠᠯᠲᠠ ᠣᠯᠣᠭᠰᠠᠨ ᠨᠢ ᠪᠤᠭᠤᠲᠤ ᠶᠢᠨ ᠬᠤᠪᠣᠷ ᠰᠢᠷᠣᠶ ᠶᠢᠨ | ᠰᠢᠨ᠎ᠡ ᠮᠠᠲ᠋ᠧᠷᠢᠶᠠᠯ ᠤᠨ ᠪᠦᠯᠦᠭᠵᠢᠯ ᠪᠠ ᠣᠷᠳᠣᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠦᠯᠦᠭᠵᠢᠯ 3 ᠵᠢᠯ ᠤᠷᠢᠳᠴᠢᠯᠠᠨ ︽ᠤᠯᠤᠰ ᠤᠨ | ᠠᠩᠭᠢ︾ ᠳᠤ ᠰᠣᠩᠭᠤᠭᠳᠠᠭᠰᠠᠨ ᠢ ᠬᠠᠷᠠᠭᠤᠯᠵᠤ ᠪᠠᠶᠢᠨ᠎ᠠ᠃ | ᠪᠤᠭᠤᠲᠤ ᠶᠢᠨ ᠬᠤᠪᠣᠷ ᠰᠢᠷᠣᠶ ᠶᠢᠨ ᠡᠬᠢ ᠪᠠᠶᠠᠯᠢᠭ ᠡᠯᠪᠡᠭ ᠳᠡᠯᠪᠡᠭ᠂ ᠬᠠᠳᠠᠭᠠᠯᠠᠭᠳᠠᠴᠠ ᠨᠢ ᠪᠥᠬᠦ ᠤᠯᠤᠰ ᠤᠨ ᠶᠡᠷᠦᠩᠬᠡᠶ ᠬᠠᠳᠠᠭᠠᠯᠠᠭᠳᠠᠴᠠ ᠶᠢᠨ 83.7%᠂ ᠪᠥᠬᠦ | ᠳᠡᠯᠡᠬᠡᠶ ᠶᠢᠨ 37.8% ᠶᠢ ᠡᠵᠡᠯᠡᠨ᠎ᠡ᠃ ︽ᠳᠡᠯᠡᠬᠡᠢ ᠶᠢᠨ ᠬᠤᠪᠣᠷ ᠰᠢᠷᠤᠢ ᠶᠢᠨ ᠬᠤᠲᠠ︾ ᠪᠣᠯᠤᠭᠰᠠᠨ ᠤ ᠬᠤᠪᠢ ᠳᠤ᠂ ᠪᠤᠭᠤᠲᠤ ᠬᠤᠲᠠ ᠨᠢ ᠶᠠᠭ ︽ᠬᠤᠶᠠᠷ ᠬᠤᠪᠣᠷ | ᠰᠢᠷᠤᠢ ᠶᠢᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠲᠣᠭᠲᠠᠭᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠬᠤᠪᠣᠷ ᠰᠢᠷᠤᠢ ᠶᠢᠨ | ᠬᠡᠷᠡᠭᠯᠡᠭᠡᠨ ᠤ ᠠᠵᠤ ᠦᠢᠯᠡᠰ ᠢ ᠲᠠᠰᠤᠷᠠᠯᠲᠠ ᠦᠭᠡᠢ ᠥᠷᠭᠡᠳᠭᠡᠨ ᠭᠦᠨᠵᠡᠭᠡᠶᠢᠷᠡᠭᠦᠯᠵᠦ᠂ ᠪᠦᠬᠦ ᠬᠡᠯᠬᠢᠶ᠎ᠡ ᠶᠢᠨ ᠬᠥᠭᠵᠢᠯᠲᠡ᠂ ᠥᠩᠭᠡ ᠪᠦᠷᠢ ᠶᠢᠨ ᠴᠡᠴᠡᠭ ᠵᠡᠷᠭᠡ ᠪᠠᠷ | ᠳᠡᠯᠭᠡᠷᠡᠭᠰᠡᠨ ᠬᠤᠪᠣᠷ ᠰᠢᠷᠤᠢ ᠶᠢᠨ ᠠᠵᠤ ᠦᠢᠯᠡᠰ ᠤᠨ ᠰᠢᠨ᠎ᠡ ᠪᠠᠶᠢᠳᠠᠯ ᠢ ᠲᠦᠷᠭᠡᠪᠴᠢᠯᠡᠨ ᠪᠣᠢ ᠪᠣᠯᠭᠠᠵᠤ ᠪᠠᠶᠢᠨ᠎ᠠ᠃ 2023 ᠣᠨ ᠳᠤ ᠪᠤᠭᠤᠲᠤ ᠬᠤᠲᠠ ᠶᠢᠨ ᠬᠤᠪᠣᠷ | ᠰᠢᠷᠤᠢ ᠶᠢᠨ ᠦᠢᠯᠡᠳᠬᠦᠨ ᠤ ᠥᠷᠲᠡᠭ 829 ᠳ᠋ᠦᠩᠰᠢᠭᠤᠷ ᠲᠥᠭᠦᠷᠢᠭ ᠲᠤ ᠬᠦᠷᠴᠡᠢ᠃ ᠡᠨᠡ ᠵᠢᠯ ᠤᠨ 1 ᠠᠴᠠ 9 ᠳ᠋ᠦ᠋ᠭᠡᠷ ᠰᠠᠷ᠎ᠠ ᠳᠤ᠂ ᠪᠤᠭᠤᠲᠤ ᠬᠤᠲᠠ ᠶᠢᠨ ᠬᠤᠪᠣᠷ | ᠰᠢᠷᠤᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 29% ᠪᠠᠶᠢᠵᠤ᠂ ᠬᠤᠪᠣᠷ ᠰᠢᠷᠤᠢ ᠶᠢᠨ ᠠᠵᠤ ᠦᠢᠯᠡᠰ ᠤᠨ ᠦᠢᠯᠡᠳᠬᠦᠨ ᠤ | ᠥᠷᠲᠡᠭ ᠮᠢᠩᠭᠠᠨ ᠳ᠋ᠦᠩᠰᠢᠭᠤᠷ ᠲᠥᠭᠦᠷᠢᠭ ᠤᠨ ᠲᠡᠮᠡᠴᠡᠬᠦ ᠬᠠᠷᠠᠯᠲᠠ ᠲᠡᠶᠢᠰᠢ ᠶᠡᠭᠡ ᠠᠯᠬᠤᠮ ᠢᠶᠠᠷ ᠤᠷᠤᠭᠰᠢᠯᠠᠵᠤ ᠪᠤᠢ᠃ | ᠥᠪᠥᠷ ᠮᠣᠩᠭᠤᠯ ᠴᠢᠨᠠᠭᠰᠢᠯᠠᠪᠠᠯ ᠮᠠᠨ ᠤ ᠤᠯᠤᠰ ᠤᠨ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠴᠢᠬᠤᠯᠠ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠣᠷᠳᠣᠰ | ᠬᠤᠲᠠ ᠨᠢ ᠤᠯᠤᠰ ᠤᠨ ᠲᠠᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠤᠷᠢᠳᠠᠪᠠᠷ ᠡᠬᠢᠯᠡᠭᠦᠯᠦᠨ ᠪᠥᠲᠥᠭᠡᠨ ᠪᠠᠶᠢᠭᠤᠯᠵᠤ᠂ ᠤᠯᠤᠰ ᠤᠨ ᠶᠡᠭᠡ ᠲᠠᠯ᠎ᠠ ᠳᠤ | ᠦᠢᠯᠡᠴᠢᠯᠡᠨ᠂ ᠭᠤᠷᠪᠠᠨ ᠬᠤᠲᠠ ᠶᠢ ᠠᠬᠢᠭᠤᠯᠤᠨ ᠬᠠᠮᠵᠢᠯᠴᠠᠭᠤᠯᠵᠤ᠂ ᠲᠡᠮᠡᠭᠡᠲᠦ ᠬᠤᠲᠠ᠂ ᠨᠢᠩᠳᠦ᠋ᠩ ᠤᠨ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ | ᠭᠠᠵᠠᠷ ᠲᠠᠢ ᠬᠠᠮᠲᠤᠪᠠᠷ ᠲᠡᠮᠡᠭᠡᠲᠦ ᠣᠷᠳᠣᠰ ᠨᠢᠩᠰᠢᠶᠠ ᠶᠢᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠤᠨ ᠪᠥᠲᠥᠭᠡᠨ | ᠪᠠᠶᠢᠭᠤᠯᠤᠯᠲᠠ ᠶᠢᠨ ᠡᠭᠦᠷᠭᠡ ᠪᠠ ᠴᠢᠬᠤᠯᠠ ᠶᠡᠭᠡ ᠲᠥᠷᠥᠯ ᠵᠦᠢᠯ ᠢ ᠡᠭᠦᠷᠭᠡᠯᠡᠵᠦ᠂ ᠲᠡᠮᠡᠭᠡᠲᠦ ᠣᠷᠳᠣᠰ ᠨᠢᠩᠰᠢᠶᠠ ᠶᠢᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠪᠠ᠃ ᠡᠨᠠ ᠪᠤᠯ | ᠮᠠᠨ ᠤ ᠤᠯᠤᠰ ᠤᠨ ᠣᠲᠤ ᠣᠢᠶ᠎ᠡ ᠶᠢᠨ ᠨᠠᠭᠦᠷᠠᠰᠣᠠ ᠠᠵᠤ ᠣᠢᠢᠯᠠᠣᠠᠪᠤᠷᠢ ᠶᠢᠨ ᠬᠦᠷᠢᠶᠡᠨ ᠳᠠᠬᠢ ᠠᠩᠬᠠᠲᠠᠬᠴᠢ ᠵᠢᠱᠢᠶ᠎ᠡ ᠪᠤᠯᠬᠤ ᠪᠦᠭᠡᠳ ︽ᠡᠨᠧᠷᠭᠢ ᠶᠢᠨ ᠰᠣᠷᠪᠤᠯᠵᠢ ᠶᠢᠨ | ᠭᠤᠷᠪᠠᠯᠵᠢᠨ ᠬᠤᠶᠢᠭ︾ ᠤᠨ ᠮᠣᠵᠢ ᠣᠷᠣᠠ ᠠᠯᠣᠰᠯᠠᠨ ᠬᠠᠮᠲᠤ ᠪᠠᠷ ᠴᠣᠬᠴᠠᠯᠠᠬᠰᠠᠨ ᠡᠭᠦᠲᠣᠯᠲᠠ ᠮᠦᠠ᠃ | |