ᠡᠪᠦᠯ ᠤᠨ ᠡᠬᠢᠨ ᠳᠤ᠂ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠤ ᠰᠢᠷᠡᠮᠦᠨ ᠭᠠᠴᠠᠭᠠᠨ ᠤ ᠡᠰᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠦᠮᠡᠨ ᠮᠦ | ᠲᠥᠷᠥᠯ ᠵᠦᠢᠯ ᠤᠨ ᠣᠷᠣᠨ ᠤ ᠳᠣᠲᠣᠷᠠᠬᠢ ᠶᠠᠭᠠᠷᠠᠯᠲᠠᠶ ᠪᠠᠶᠢᠳᠠᠯ ᠤᠳ᠄ ᠴᠢᠬᠢ ᠡᠭᠦᠷᠬᠦ᠂ ᠲᠠᠷᠬᠠᠢ ᠪᠤᠳᠠᠷᠬᠠᠢ᠂ ᠭᠦᠨ ᠬᠠᠳᠬᠤᠬᠤ᠂ ᠪᠣᠭᠯᠠᠬᠤ ᠁ ᠮᠣᠳᠣ ᠲᠠᠷᠢᠬᠤ ᠳᠤ | ᠣᠷᠣᠯᠴᠠᠭᠰᠠᠨ ᠤᠯᠠᠨ ᠲᠦᠮᠡᠨ ᠤ ᠠᠵᠢᠯ ᠤᠨ ᠬᠤᠪᠢᠶᠠᠷᠢᠯᠠᠯ ᠲᠣᠳᠣᠷᠬᠠᠢ᠂ ᠡᠷᠴᠢ ᠵᠣᠷᠢᠭ ᠲᠡᠭᠦᠯᠳᠡᠷ ᠪᠠᠶᠢᠵᠤ᠂ ᠬᠦᠷ ᠬᠥᠭᠵᠢᠶᠡᠨ ᠲᠠᠢ ᠡᠯᠡᠰᠦ ᠶᠢ ᠪᠢᠲᠡᠭᠦᠮᠵᠢᠯᠡᠨ | ᠣᠶᠢᠵᠢᠭᠤᠯᠬᠤ ᠦᠵᠡᠭᠳᠡᠯ ᠪᠣᠯᠤᠨ ᠬᠦᠢᠲᠡᠷᠡᠵᠦ ᠪᠠᠶᠢᠭ᠎ᠠ ᠠᠭᠤᠷ ᠠᠮᠢᠰᠬᠤᠯ ᠲᠠᠢ ᠢᠯᠡ ᠲᠣᠳᠣ ᠬᠠᠷᠢᠴᠠᠭᠤᠯᠤᠯ ᠪᠣᠯᠵᠠᠢ᠃ ᠵᠢᠯᠣᠭᠤᠴᠢ ᠥᠬᠡᠶ ᠨᠢᠰᠬᠡᠯ ᠤᠨ ᠥᠨᠳᠥᠷ | ᠣᠭᠲᠠᠷᠭᠤᠶ ᠶᠢᠨ ᠬᠠᠷᠠᠭᠠᠰᠤ ᠠᠴᠠ ᠦᠵᠡᠪᠡᠯ᠂ ᠲᠡᠷᠢ ᠲᠡᠭᠰᠢ᠂ ᠬᠥᠪᠡᠭᠡ ᠬᠢᠵᠠᠭᠠᠷ ᠥᠬᠡᠶ ᠡᠯᠡᠰᠦ ᠮᠠᠩᠬ᠎ᠠ ᠶᠢ ᠵᠠᠰᠠᠬᠤ ᠡᠪᠡᠰᠦᠨ ᠳᠦᠷᠪᠡᠯᠵᠢ ᠥᠷᠭᠡᠨ ᠠᠭᠤᠳᠠᠮ ᠡᠯᠡᠰᠦᠷᠬᠡᠭ | ᠭᠠᠵᠠᠷ ᠳᠡᠭᠡᠷ᠎ᠡ ᠭᠤᠶᠢᠳᠠ ᠰᠠᠶᠢᠬᠠᠨ ᠦᠵᠡᠮᠵᠢ ᠶᠢ ᠵᠢᠷᠤᠭᠯᠠᠵᠠᠶ᠃ | ᠣᠶᠢᠯᠠᠭᠠᠭᠰᠠᠨ ᠢᠶᠠᠷ᠂ ᠳ᠋ᠠᠪᠠᠨ ᠪᠠᠯᠭᠠᠰᠤᠨ ᠤ ᠶᠡᠷᠦᠩᠬᠡᠶ ᠭᠠᠵᠠᠷ ᠰᠢᠷᠣᠶ ᠶᠢᠨ ᠲᠠᠯᠠᠪᠠᠶ 264 ᠲᠦᠮᠡᠨ ᠮᠥ ᠪᠠᠶᠢᠵᠤ᠂ ᠡᠭᠦᠨ ᠳᠤ ᠡᠯᠡᠰᠦᠷᠬᠡᠭᠵᠢᠭᠰᠡᠨ ᠭᠠᠵᠠᠷ ᠰᠢᠷᠣᠶ | 145.7 ᠲᠦᠮᠡᠨ ᠮᠥ ᠂ ᠪᠥᠬᠦ ᠬᠤᠰᠢᠭᠤᠨ ᠤ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠶᠢᠨ 39.4% ᠶᠢ ᠡᠵᠡᠯᠡᠨ᠎ᠡ᠃ | ᠤᠢᠢᠷ᠎ᠠ ᠶᠢᠨ ᠵᠢᠯ ᠠᠴᠠ ᠨᠠᠭᠠᠰᠢ᠂ ᠳ᠋ᠠᠪᠠᠨ ᠪᠠᠯᠭᠠᠰᠤ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠠᠲᠤ ᠡᠵᠡᠮᠳᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠯᠠᠨ ᠲᠠᠯ᠎ᠠ ᠪᠠᠷ ᠬᠦᠴᠦᠯᠡᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠡᠯᠡᠰᠦᠷᠬᠡᠭᠵᠢᠯ ᠢ ᠰᠡᠷᠭᠡᠶᠢᠯᠡᠵᠦ | ᠡᠯᠡᠰᠦ ᠶᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠥᠷᠭᠡᠳᠬᠦ ᠪᠠᠶᠢᠳᠠᠯ ᠢ ᠦᠨᠳᠦᠰᠦᠨ ᠠᠴᠠ ᠨᠢ | ᠬᠤᠷᠢᠭᠯᠠᠵᠤ᠂ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ︾ ᠠᠮᠢ ᠠᠬᠤᠢ ᠶᠢᠨ ᠪᠠᠶᠢᠷᠢᠰᠢᠯ ᠨᠢᠭᠡᠨᠲᠡᠪᠦ᠋ᠷᠢᠯᠳᠦᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ | ᠨᠣᠭᠤᠭᠠᠨ ᠥᠩᠭᠡ ᠪᠠᠷ ᠪᠢᠯᠬᠠᠮ᠎ᠠ ᠦᠵᠡᠰᠬᠦᠯᠡᠩᠲᠦ ᠰᠠᠶᠢᠬᠠᠨ ᠵᠢᠷᠤᠭ ᠶᠠᠭ ᠪᠦᠬᠦ ᠪᠠᠯᠭᠠᠰᠤᠨ ᠤ ᠥᠷᠭᠡᠨ ᠠᠭᠤᠳᠠᠮ ᠭᠠᠵᠠᠷ ᠰᠢᠷᠣᠢ ᠳᠡᠭᠡᠷ᠎ᠡ ᠠᠯᠭᠤᠷᠬᠠᠨ ᠳᠡᠯᠭᠡᠭᠳᠡᠵᠦ | ᠪᠠᠶᠢᠨ᠎ᠠ᠃ | ᠳ᠋ᠠᠪᠠᠨ ᠪᠠᠯᠭᠠᠰᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠡᠷᠢᠭᠦᠨ ᠴᠢᠬᠤᠯᠠ ᠠᠭᠤᠯᠭ᠎ᠠ ᠪᠣᠯᠭᠠᠨ ᠨᠠᠮ ᠤᠨ | ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠪᠣᠯᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠨᠤᠯ ᠤᠨ ᠰᠤᠷᠤᠯᠴᠠᠯᠭ᠎ᠠ ᠳᠤ ᠣᠷᠣᠭᠤᠯᠬᠤ ᠶᠢ | ᠪᠠᠷᠢᠮᠲᠠᠯᠠᠵᠤ᠂ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠨ ᠲᠦᠷᠦᠭᠦᠯᠡᠨ ᠰᠤᠷᠤᠯᠴᠠᠬᠤ᠂ ᠨᠣᠮ ᠤᠩᠰᠢᠬᠤ ᠠᠩᠬᠢ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ᠂ | ᠨᠠᠮ ᠤᠨ ᠡᠭᠦᠷ ᠬᠤᠷᠰᠢᠯᠴᠠᠨ ᠰᠣᠯᠢᠯᠴᠠᠵᠤ ᠰᠤᠷᠤᠯᠴᠠᠬᠤ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠰᠦᠯᠵᠢᠶ᠎ᠡ ᠪᠠᠷ ᠰᠣᠷᠣᠯᠴᠠᠬᠤ ᠵᠡᠷᠭᠡ ᠠᠷᠭ᠎ᠠ | ᠬᠡᠯᠪᠡᠷᠢ ᠪᠠᠷ ᠪᠦᠬᠦ ᠪᠠᠯᠭᠠᠰᠤᠨ ᠤ ᠨᠠᠮ ᠤᠨ ᠭᠡᠰᠢᠭᠦᠨ ᠢ ᠬᠥᠮᠦᠵᠢᠭᠦᠯᠦᠨ ᠳᠠᠭᠠᠭᠤᠯᠵᠤ ᠪᠠᠶᠢᠭᠠᠳ ᠠᠮᠢ ᠠᠬᠤᠢ ᠶᠢᠨ ᠬᠠᠮᠠᠭᠠᠯᠠᠯᠲᠠ ᠶᠢᠨ ᠤᠯᠤᠰ ᠲᠦᠷᠦ ᠶᠢᠨ ᠤᠬᠠᠮᠰᠠᠷ᠂ | ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢ ᠨᠢ ᠲᠠᠰᠤᠷᠠᠯᠳᠠ ᠦᠭᠡᠢ ᠴᠢᠩᠭᠠᠳᠬᠠᠪᠠ᠃ | ᠦᠵᠡᠯ ᠰᠠᠨᠠᠭ᠎ᠠ ᠪᠠᠨ ᠨᠢᠭᠡᠳᠭᠡᠭᠰᠡᠨ ᠰᠠᠭᠤᠷᠢᠨ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠪᠠᠯᠭᠠᠰᠤᠨ ᠤ | ᠨᠠᠮ ᠵᠠᠰᠠᠭ ᠤᠨ ᠪᠠᠭ ᠤᠨ ᠭᠡᠰᠢᠭᠦᠨ᠂ ᠭᠠᠴᠠᠭ᠎ᠠ ᠲᠣᠰᠬᠤᠨ ᠤ ᠱᠦᠵᠢ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠪᠥᠬᠦ ᠪᠠᠯᠭᠠᠰᠤᠨ ᠤ ᠡᠯ᠎ᠡ ᠱᠠᠲᠤᠨ ᠤ ᠨᠠᠮ ᠤᠨ | ᠭᠡᠰᠢᠭᠦᠨ ᠢ ᠬᠠᠮᠤᠷᠤᠭᠰᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠤᠰᠢᠭᠤᠴᠢ ᠠᠩᠭᠢ ᠶᠢ ᠪᠠᠶᠢᠭᠤᠯᠵᠤ᠂ ᠬᠠᠷᠢᠶᠠᠲᠤ ᠣᠷᠣᠨ ᠤ ᠡᠯᠡᠰᠦᠷᠬᠡᠭ ᠭᠠᠵᠠᠷ ᠤᠨ ᠪᠣᠳᠠᠲᠤ | ᠪᠠᠶᠢᠳᠠᠯ ᠳᠤ ᠰᠠᠭᠤᠷᠢᠯᠠᠨ᠂ ᠪᠥᠬᠦ ᠪᠠᠯᠭᠠᠰᠤᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠯᠥᠪᠵᠢᠭᠦᠯᠭᠡ ᠶᠢᠨ ᠲᠥᠰᠦᠯ ᠢ ᠨᠠᠶᠢᠷᠠᠭᠤᠯᠤᠨ ᠵᠣᠬᠢᠶᠠᠵᠤ᠂ ᠠᠵᠢᠯ ᠤᠨ | ᠬᠠᠷᠠᠯᠲᠠ ᠪᠠᠨ ᠲᠣᠳᠣᠷᠬᠠᠶᠢᠯᠠᠨ᠂ ᠠᠵᠢᠯ ᠤᠨ ᠡᠭᠦᠷᠭᠡ ᠪᠠᠨ ᠬᠡᠮᠵᠢᠶᠡᠵᠢᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠠᠵᠢᠯ ᠢ ᠴᠢᠨᠠᠷ ᠰᠠᠶᠢᠲᠠᠶ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ | ᠳ᠋ᠠᠪᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠠᠴᠠᠭ᠎ᠠ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠵᠡᠷᠭᠡ | ᠨᠠᠮ ᠤᠨ ᠭᠡᠰᠢᠭᠦᠨ ᠺᠠᠳ᠋ᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠡᠷᠦᠬᠡ ᠳᠤ ᠬᠦᠷᠴᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠮᠡᠳᠡᠯᠭᠡ ᠶᠢ | ᠶᠡᠬᠡᠪᠡᠷ ᠤᠬᠠᠭᠤᠯᠤᠨ ᠲᠠᠶᠢᠯᠪᠤᠷᠢᠯᠠᠵᠤ᠂ ᠮᠠᠯᠴᠢᠨ ᠲᠠᠷᠢᠶᠠᠴᠢᠨ ᠲᠦᠮᠡᠨ ᠢ ᠢᠳᠡᠪᠬᠢᠲᠡᠶ ᠬᠠᠪᠰᠤᠷᠤᠨ ᠠᠵᠤ ᠠᠬᠤᠶ ᠶᠢᠨ ᠲᠠᠩᠰᠠ᠂ ᠠᠮᠢ ᠠᠬᠤᠶ ᠶᠢᠨ ᠲᠠᠩᠰᠠ᠂ ᠠᠯᠤᠰ | ᠬᠡᠲᠦ ᠶᠢᠨ ᠲᠠᠩᠰᠠ ᠶᠢ ᠪᠤᠳᠤᠵᠤ᠂ ᠣᠯᠠᠨ ᠲᠦᠮᠡᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠨ᠂ ︽ᠵᠠᠰᠠᠭ ᠤᠨ | ᠣᠷᠳᠣᠨ ᠠᠵᠢᠯᠯᠠᠵᠤ᠂ ᠣᠯᠠᠨ ᠲᠦᠮᠡᠨ ᠦᠵᠡᠬᠦ︾ ᠪᠠᠶᠢᠳᠠᠯ ᠢ ᠲᠦᠢᠯᠪᠤᠷᠢᠲᠠᠶ ᠬᠤᠪᠢᠷᠠᠭᠤᠯᠵᠤ᠂ ᠪᠥᠬᠦ ᠪᠠᠯᠭᠠᠰᠤᠨ ᠤ ᠦᠨᠳᠦᠰᠦᠲᠡᠨ ᠨᠦᠭᠦᠳ ᠤᠨ ᠮᠠᠯᠴᠢᠨ ᠲᠠᠷᠢᠶᠠᠴᠢᠨ | ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ︽ᠪᠦᠯᠬᠦᠮᠳᠡᠨ ᠨᠢᠭᠡᠳᠴᠦ ᠰᠢᠷ᠎ᠠ ᠡᠯᠡᠰᠦ ᠶᠢ ᠰᠡᠷᠭᠡᠶᠢᠯᠡᠨ ︿ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ + | ᠦᠨᠳᠦᠰᠦᠲᠡᠨ ᠤ ᠪᠦᠯᠬᠦᠮᠳᠡᠯ﹀ ᠤᠨ ᠰᠢᠨ᠎ᠡ ᠬᠠᠭᠤᠳᠠᠰᠤ ᠶᠢ ᠬᠠᠮᠲᠤ ᠪᠠᠷ ᠰᠠᠶᠢᠲᠤᠷ ᠪᠢᠴᠢᠭᠯᠡᠬᠦ︾ ᠬᠦᠴᠦᠷᠬᠡᠭ ᠶᠡᠭᠡ ᠪᠦᠯᠬᠦᠮᠳᠡᠯ ᠤᠨ ᠨᠡᠶᠢᠯᠡᠮᠡᠯ ᠬᠦᠴᠦᠨ ᠢ ᠥᠷᠭᠡᠨ ᠢᠶᠠᠷ | ᠨᠢᠭᠲᠠᠷᠠᠭᠤᠯᠪᠠ᠃ | ᠣᠲᠣ ᠪᠣᠯᠲᠠᠯ᠎ᠠ᠂ ᠪᠥᠬᠦ ᠪᠠᠯᠭᠠᠰᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠭ᠎ᠠ ᠳᠣᠤᠷ᠎ᠠ᠂ ᠨᠡᠶᠢᠲᠡ 10000 ᠭᠠᠷᠤᠶ ᠺᠠᠳ᠋ᠷ ᠣᠯᠠᠨ | ᠲᠦᠮᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠣᠷᠣᠯᠴᠠᠵᠤ᠂ ᠮᠠᠯᠴᠢᠨ ᠲᠠᠷᠢᠶᠠᠴᠢᠨ ᠣᠯᠠᠨ ᠲᠦᠮᠡᠨ ᠰᠠᠨᠠᠭᠠᠴᠢᠯᠠᠭ᠎ᠠ ᠠᠴᠠ ᠪᠠᠨ ᠪᠠᠯᠭᠠᠰᠤᠨ ᠤ | ᠵᠠᠰᠠᠭ ᠤᠨ ᠣᠷᠳᠣᠨ ᠲᠠᠢ ᠨᠡᠶᠢᠯᠡᠯᠴᠡᠵᠦ 12 ᠲᠦᠮᠡᠨ ᠮᠥ ᠡᠯᠡᠰᠦᠷᠬᠡᠭᠵᠢᠯ ᠤᠨ ᠪᠡᠯᠴᠢᠭᠡᠷ ᠢ ᠪᠢᠲᠡᠭᠦᠮᠵᠢᠯᠡᠪᠡ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠡᠯᠡᠰᠦᠷᠬᠡᠭᠵᠢᠯ ᠢ ᠰᠡᠷᠭᠡᠢᠯᠡᠨ ᠠᠯᠰᠦ ᠶᠢ ᠵᠠᠰᠠᠬᠤ ᠪᠦᠲᠦᠮᠵᠢᠲᠡᠢ ᠠᠷᠭ᠎ᠠ ᠵᠠᠮ ᠢ ᠬᠠᠶᠢᠨ ᠰᠦᠪᠡᠭᠴᠢᠯᠡᠪᠡ᠃ | ︽ᠡᠯᠡᠰᠦᠷᠬᠡᠭᠵᠢᠯ ᠢ ᠵᠠᠰᠠᠬᠤ ᠨᠢ ᠶᠡᠷᠦ ᠠᠴᠠ ᠮᠠᠨ ᠤ ᠬᠥᠭᠵᠢᠯᠲᠡ ᠶᠢ ᠬᠠᠪᠰᠤᠷᠴᠤ ᠪᠠᠶᠢᠭ᠎ᠠ ᠶᠤᠮ᠂ ᠡᠯᠡᠰᠦ ᠶᠢ ᠵᠠᠰᠠᠬᠤ ᠠᠵᠢᠯ ᠳᠤ ᠣᠷᠣᠯᠴᠠᠬᠤ ᠨᠢ ᠳᠠᠷᠤᠶ ᠪᠢᠳᠡᠨ ᠤ ᠬᠢᠪᠡᠰᠦ | ᠵᠣᠬᠢᠬᠤ ᠶᠠᠪᠤᠳᠠᠯ ᠶᠤᠮ︾ ᠃ ︽ᠤᠳᠤ ᠪᠢᠳᠡᠨ ᠳᠤ ᠡᠳᠦᠷ ᠪᠦᠷᠢ 200 ᠲᠥᠭᠦᠷᠢᠭ ᠤᠨ ᠴᠠᠯᠢᠩ ᠥᠭᠴᠦ᠂ ᠡᠯᠡᠰᠦ ᠶᠢ ᠰᠡᠷᠭᠡᠶᠢᠯᠡᠭᠰᠡᠨ ᠮᠦᠷᠲᠡᠭᠡᠨ ᠂ ᠦᠬᠡᠷ ᠬᠤᠨᠢ ᠡᠪᠡᠰᠦ | ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ ᠥᠭᠴᠦ᠂ ᠪᠠᠰᠠ ᠭᠡᠷ ᠤᠨ ᠡᠭᠦᠳᠡᠨ ᠳᠤ ᠪᠠᠨ ᠵᠣᠭᠤᠰ ᠣᠯᠣᠭᠰᠠᠨ ᠪᠠᠶᠢᠨ᠎ᠠ᠂ ᠦᠨᠡᠬᠡᠷ ᠮᠠᠰᠢ ᠰᠠᠶᠢᠨ | ᠪᠣᠯᠵᠠᠢ︾ ᠭᠡᠵᠦ ᠡᠯᠡᠰᠦ ᠶᠢ ᠵᠠᠰᠠᠵᠤ ᠮᠤᠳᠤ ᠲᠠᠷᠢᠬᠤ ᠳᠤ ᠬᠦᠯᠦᠰᠦᠯᠡᠭᠳᠡᠭᠰᠡᠨ ᠣᠩᠭᠤᠨ ᠮᠣᠲᠤ ᠭᠠᠴᠠᠭᠠᠨ ᠤ ᠮᠠᠯᠴᠢᠨ ᠤᠷᠠᠩᠭᠤᠸ᠎ᠠ ᠪᠠᠶᠠᠷᠲᠠᠶ ᠪᠠᠷ ᠬᠡᠯᠡᠪᠡ᠃ | ︽ᠣᠶᠢᠵᠢᠭᠤᠯᠬᠤ ᠳᠤ ᠲᠣᠬᠢᠷᠠᠮᠵᠢᠲᠠᠶ ᠪᠣᠯ ᠣᠶᠢᠵᠢᠭᠤᠯᠬᠤ᠂ ᠡᠪᠡᠰᠦ ᠲᠠᠷᠢᠬᠤ ᠳᠤ ᠲᠣᠬᠢᠷᠠᠮᠵᠢᠲᠠᠶ ᠪᠣᠯ ᠡᠪᠡᠰᠦ ᠲᠠᠷᠢᠬᠤ︾ ᠵᠠᠷᠴᠢᠮ ᠶᠣᠰᠣᠭᠠᠷ᠂ ︽ᠢᠨᠵᠧᠨᠧᠷᠢᠩ ᠢᠶᠠᠷ | ᠡᠯᠡᠰᠦ ᠶᠢ ᠲᠣᠭᠲᠠᠪᠤᠷᠢᠵᠢᠭᠤᠯᠬᠤ᠂ ᠬᠥᠮᠦᠨ ᠤ ᠬᠦᠴᠦ ᠪᠠᠷ ᠣᠶᠢᠵᠢᠭᠤᠯᠬᠤ᠂ ᠬᠥᠮᠦᠨ ᠤ ᠬᠦᠴᠦ ᠪᠠᠷ ᠡᠪᠡᠰᠦ ᠲᠠᠷᠢᠬᠤ᠂ ᠡᠯᠡᠰᠦ ᠶᠢ ᠰᠡᠷᠭᠡᠶᠢᠯᠡᠵᠦ ᠣᠶᠢᠵᠢᠭᠤᠯᠬᠤ ᠡᠪᠡᠰᠦ | ᠳᠠᠷᠢᠬᠤ︾ ᠵᠡᠷᠭᠡ ᠠᠷᠭ᠎ᠠ ᠬᠡᠮᠵᠢᠶ᠎ᠡ ᠳᠤ ᠲᠦᠰᠢᠭᠯᠡᠨ᠂ ︽ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠵᠠᠰᠠᠭ | ᠠᠵᠤ ᠠᠬᠤᠶᠢᠯᠠᠯ ᠬᠠᠮᠲᠤᠷᠠᠯᠴᠠᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ ᠶᠢ ᠢᠳᠡᠪᠬᠢᠲᠡᠶ ᠪᠠᠷ ᠬᠠᠶᠢᠨ | ᠰᠦᠪᠡᠭᠴᠢᠯᠡᠵᠦ᠂ ᠣᠯᠠᠨ ᠲᠦᠮᠡᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠣᠷᠣᠯᠴᠠᠬᠤ ᠡᠷᠴᠢᠮ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠮᠢ ᠠᠬᠤᠶ ᠶᠢᠨ ᠦᠷ᠎ᠡ | ᠠᠰᠢᠭ᠂ ᠠᠵᠤ ᠠᠬᠤᠶ ᠶᠢᠨ ᠦᠷ᠎ᠡ ᠠᠰᠢᠭ ᠢ ᠢᠯᠡᠳᠲᠡ ᠳᠡᠭᠡᠭᠰᠢᠯᠡᠵᠦ᠂ ᠨᠣᠭᠤᠭᠠᠷᠠᠭᠤᠯᠵᠤ ᠪᠠᠶᠠᠵᠢᠭᠤᠯᠬᠤ ᠶᠢ ᠵᠡᠷᠭᠡ ᠪᠠᠷ ᠬᠥᠭᠵᠢᠭᠦᠯᠦᠭᠰᠡᠨ ᠠᠮᠢ ᠠᠬᠤᠶ ᠶᠢᠨ ᠰᠢᠨ᠎ᠡ | ᠬᠠᠭᠤᠳᠠᠰᠤ ᠶᠢ ᠵᠢᠷᠤᠭᠯᠠᠪᠠ᠃ ᠣᠳᠣᠬᠠᠨ ᠪᠣᠯᠲᠠᠯ᠎ᠠ᠂ ᠪᠥᠬᠦ ᠪᠠᠯᠭᠠᠰᠤ ᠪᠠᠷ ᠢᠶᠠᠨ ᠨᠡᠶᠢᠲᠡ 42 ᠲᠦᠮᠡᠨ ᠮᠥ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠢ | ᠪᠡᠶᠡᠯᠡᠭᠦᠯᠪᠡ᠃ ︽ᠵᠠᠰᠠᠭ ᠠᠵᠤ ᠠᠬᠤᠶᠢᠯᠠᠯ ᠬᠠᠮᠲᠤᠷᠠᠯᠴᠠᠬᠤ︾ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠠᠭᠪᠤᠷ ᠶᠣᠰᠣᠭᠠᠷ᠂ ᠰᠢᠨ᠎ᠡ ᠡᠨᠧᠷᠭᠢ ᠶᠢᠨ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ | ᠵᠠᠰᠠᠬᠤ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠢ 7 ᠲᠦᠮᠡᠨ ᠮᠦ ᠪᠡᠶᠡᠯᠡᠭᠦᠯᠪᠡ᠃ ︽ ᠤᠷᠢᠳᠠᠪᠠᠷ ᠪᠠᠶᠢᠭᠤᠯᠵᠤ | ᠳᠠᠷᠠᠭ᠎ᠠ ᠨᠢ ᠨᠥᠬᠦᠪᠥᠷᠢᠯᠡᠬᠦ᠂ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ︾ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠠᠭᠪᠤᠷ ᠶᠣᠰᠣᠭᠠᠷ᠂ 1000 ᠭᠠᠷᠤᠶ | ᠬᠥᠮᠦᠨ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠬᠥᠳᠡᠯᠮᠦᠷᠢ ᠬᠦᠴᠦᠨ ᠬᠡᠷᠡᠭᠯᠡᠬᠦ᠂ ᠮᠧᠬᠠᠨᠢᠭ ᠢᠶᠠᠷ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠵᠤ᠂ ᠬᠥᠮᠦᠨ ᠳᠤᠮᠳᠠᠴᠢ ᠶᠢᠨ ᠣᠷᠣᠯᠭ᠎ᠠ ᠶᠢ 5000 ᠲᠥᠭᠦᠷᠢᠭ ᠠᠴᠠ ᠳᠡᠭᠡᠭᠰᠢ ᠨᠡᠮᠡᠭᠳᠡᠭᠦᠯᠵᠦ᠂ ᠡᠯ᠎ᠡ | ᠲᠥᠷᠥᠯ ᠤᠨ ᠬᠥᠯᠥᠰᠥ ᠣᠯᠭᠤᠮᠵᠢ ᠶᠢ ᠨᠡᠶᠢᠲᠡ 500 ᠲᠦᠮᠡᠨ ᠲᠥᠭᠦᠷᠢᠭ ᠲᠠᠷᠬᠠᠭᠠᠪᠠ᠃ | ᠨᠠᠮ ᠤᠨ ᠪᠠᠶᠢᠭᠤᠯᠤᠯᠲᠠ ᠪᠠᠷ ︽ᠠᠮᠢ ᠠᠬᠤᠢ ᠶᠢᠨ ᠨᠣᠭᠤᠭᠠᠷᠠᠭᠤᠯᠤᠯᠲᠠ︾ ᠶᠢ ᠬᠦᠳᠦᠯᠦᠨ ᠳᠠᠭᠠᠭᠤᠯᠬᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠠᠮ | ᠳᠡᠭᠡᠷ᠎ᠡ᠂ ᠳ᠋ᠠᠪᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠷᠭᠦᠯᠵᠢᠯᠡᠨ ᠪᠦᠬᠦ ᠪᠠᠯᠭᠠᠰᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ | ᠳᠠᠭᠠᠭᠤᠯᠤᠨ ᠪᠦᠯᠬᠦᠮᠳᠡᠨ ᠲᠡᠮᠡᠴᠡᠭᠰᠡᠨ ᠠᠮᠢᠳᠤᠯᠢᠭ ᠦᠢᠯᠡᠳᠦᠯᠭᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠮᠠᠬᠤ ᠪᠦᠷᠢ | ᠡᠯᠡᠰᠦᠷᠬᠡᠭᠵᠢᠯ ᠪᠣᠯᠤᠨ ᠨᠣᠭᠤᠭᠠᠷᠠᠭᠤᠯᠤᠯᠲᠠ ᠰᠣᠯᠪᠢᠴᠠᠭᠰᠠᠨ ᠭᠠᠵᠠᠷ ᠳᠡᠭᠡᠷ᠎ᠡ ᠭᠦᠨ ᠦᠨᠳᠦᠰᠦᠯᠡᠭᠦᠯᠵᠦ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠤ | ᠢᠯᠠᠯᠲᠠ ᠶᠢ ᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠪᠡ᠃ | |