ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾ ᠲᠥᠷᠥᠯ ᠵᠦᠢᠯ ᠤᠨ ᠡᠬᠢᠯᠡᠯᠲᠡ ᠶᠢᠨ ᠬᠤᠷᠠᠯ | ᠵᠢᠴᠢ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠦᠷᠦᠭᠦᠯᠡᠨ ᠬᠡᠷᠡᠭᠵᠢᠭᠦᠯᠦᠭᠰᠡᠨ ︽ᠬᠥᠪᠴᠢ ᠶᠢᠨ | ᠡᠯᠡᠰᠦᠨ ᠴᠦᠯ ᠤ ᠬᠠᠭᠤᠴᠢᠷᠠᠭᠰᠠᠨ ᠲᠠᠴᠢᠷᠰᠢᠭᠰᠠᠨ ᠣᠢ ᠶᠢᠨ ᠰᠢᠨᠡᠴᠢᠯᠡᠯᠲᠡ ᠵᠢᠴᠢ ᠪᠣᠬᠢᠷᠳᠤᠯ ᠦᠭᠡᠢ ᠬᠤᠩᠭᠢᠯ ᠤᠨ ᠠᠮᠢ ᠠᠬᠤᠢ ᠶᠢ ᠰᠡᠷᠭᠦᠭᠡᠨ ᠲᠡᠰ ᠳᠡᠪᠰᠢᠭᠦᠯᠬᠦ ᠬᠤᠷᠠᠮᠠᠯ | ᠮᠡᠷᠭᠡᠵᠢᠯ ᠤᠨ ᠵᠢᠱᠢᠶ᠎ᠡ ᠦᠵᠡᠭᠦᠯᠬᠦ︾ ︽ᠠᠷᠪᠠᠨ ᠶᠡᠭᠡ ᠬᠦᠨᠳᠡᠢ ᠶᠢᠨ ᠰᠠᠯᠬᠢᠨ ᠳᠤ ᠢᠳᠡᠭᠳᠡᠭᠰᠡᠨ ᠭᠠᠵᠠᠷ ᠤᠨ ᠡᠯᠡᠰᠦ ᠰᠢᠪᠠᠷ ᠢ ᠬᠤᠷᠢᠭᠯᠠᠵᠤ ᠡᠵᠡᠮᠳᠡᠬᠦ ᠬᠢᠭᠡᠳ ᠪᠠᠶᠢᠭᠠᠯᠢ ᠶᠢᠨ | ᠠᠮᠢ ᠠᠬᠤᠢ ᠶᠢ ᠰᠡᠷᠭᠦᠭᠡᠬᠦ ᠮᠡᠷᠭᠡᠵᠢᠯ ᠤᠨ ᠬᠤᠷᠠᠮᠠᠯ ᠬᠢᠭᠡᠳ ᠵᠢᠱᠢᠶ᠎ᠡ ᠦᠵᠡᠭᠦᠯᠬᠦ︾ ᠪᠠ ︽ᠶᠠᠪᠠᠷᠠᠢ ᠶᠢᠨ ᠠᠭᠤᠯᠠ ᠶᠢᠨ ᠰᠠᠯᠬᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ | ᠤᠢ ᠡᠪᠡᠰᠦ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠢᠱᠢᠶ᠎ᠡ ᠦᠵᠡᠭᠦᠯᠬᠦ︾ 3 ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾ ᠲᠦᠷᠦᠯ ᠵᠦᠢᠯ | ᠡᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠦᠴᠦ ᠨᠡᠮᠡᠷᠢᠯᠡᠵᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠰᠢᠨ᠎ᠡ ᠠᠶᠠᠨ ᠢ ᠡᠬᠢᠯᠡᠭᠦᠯᠪᠡ᠃ | ᠣᠶᠢᠯᠠᠭᠠᠭᠰᠠᠨ ᠢᠶᠠᠷ᠂ ᠬᠥᠪᠴᠢ ᠶᠢᠨ ᠡᠯᠡᠰᠦᠨ ᠴᠥᠯ ᠤᠨ ᠬᠠᠭᠤᠴᠢᠷᠠᠭᠰᠠᠨ ᠲᠠᠴᠢᠷᠳᠠᠭᠰᠠᠨ ᠣᠶ ᠶᠢᠨ ᠰᠢᠨᠡᠴᠢᠯᠡᠯᠲᠡ ᠵᠢᠴᠢ ᠪᠣᠬᠢᠷᠲᠤᠯ ᠥᠬᠡᠶ ᠬᠤᠩᠭᠢᠯ ᠤᠨ ᠠᠮᠢ | ᠠᠬᠤᠶ ᠶᠢ ᠰᠡᠷᠭᠦᠭᠡᠨ ᠲᠠᠰ ᠳᠡᠪᠰᠢᠭᠦᠯᠬᠦ ᠬᠤᠷᠠᠮᠠᠯ ᠮᠡᠷᠭᠡᠵᠢᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠨᠢ ᠬᠠᠭᠤᠴᠢᠨ ︽ᠤᠮᠠᠷᠠᠲᠤ ᠶᠢᠨ ᠭᠤᠷᠪᠠᠨ ᠣᠷᠤᠨ︾ ᠶᠢᠨ | ᠢᠨᠵᠧᠨᠧᠷᠢᠩ ᠤᠨ ᠰᠡᠷᠭᠡᠶᠢᠯᠡᠨ ᠬᠠᠮᠠᠭᠠᠯᠠᠬᠤ ᠣᠶ ᠮᠣᠳᠣᠨ ᠤ ᠤᠷᠭᠤᠯᠳᠠ ᠮᠠᠭᠤᠲᠠᠬᠤ ᠶᠢ ᠰᠡᠷᠭᠡᠶᠢᠯᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠦᠷ᠎ᠡ ᠪᠦᠲᠦᠮᠵᠢ ᠶᠢ | ᠪᠠᠬᠢᠵᠢᠭᠦᠯᠬᠦ ᠳᠤ ᠪᠡᠷᠬᠡ ᠵᠡᠷᠭᠡ ᠠᠰᠠᠭᠤᠳᠠᠯ ᠳᠤ ᠴᠢᠭᠯᠡᠭᠦᠯᠦᠨ᠂ ᠬᠦᠪᠴᠢ ᠶᠢᠨ ᠡᠯᠡᠰᠦᠨ ᠴᠥᠯ ᠤᠨ ᠤᠰᠤᠨ ᠤ ᠡᠬᠢ ᠪᠠᠶᠠᠯᠢᠭ ᠤᠨ ᠤᠷᠭᠤᠮᠠᠯ ᠤᠨ ᠬᠤᠴᠢᠯᠭ᠎ᠠ ᠶᠢᠨ ᠳᠠᠭᠠᠭᠠᠴᠠ | ᠪᠠ ᠬᠢᠮᠡᠯ ᠣᠶ ᠶᠢᠨ ᠬᠠᠭᠤᠴᠢᠷᠠᠭᠰᠠᠨ ᠮᠠᠭᠤᠳᠠᠭᠰᠠᠨ ᠰᠢᠯᠲᠠᠭᠠᠨ ᠢ ᠭᠤᠤᠯᠳᠠᠯᠭ᠎ᠠ ᠲᠠᠢ ᠲᠣᠳᠣᠷᠬᠠᠶᠢᠯᠠᠨ ᠥᠭᠦᠯᠡᠵᠦ᠂ ᠬᠠᠭᠤᠴᠢᠷᠠᠭᠰᠠᠨ ᠲᠠᠴᠢᠷᠳᠠᠭᠰᠠᠨ ᠣᠶ ᠶᠢ ᠰᠢᠨᠡᠳᠬᠡᠨ | ᠥᠭᠡᠷᠡᠴᠢᠯᠡᠬᠦ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠵᠦ᠂ ᠠᠮᠢ ᠠᠬᠤᠶ ᠶᠢ ᠰᠡᠷᠭᠦᠭᠡᠨ | ᠶᠡᠷᠦᠩᠬᠡᠶᠢᠯᠡᠨ ᠵᠠᠰᠠᠬᠤ ᠵᠠᠭᠪᠤᠷ ᠢ ᠪᠣᠶ ᠪᠣᠯᠭᠠᠬᠤ ᠶᠢᠨ ᠬᠠᠮᠲᠤ ᠵᠢᠱᠢᠶ᠎ᠡ ᠦᠵᠡᠭᠦᠯᠪᠡ᠃ ᠣᠳᠣᠬᠠᠨ ᠳᠤ ᠨᠢᠭᠡᠨᠲᠡ ᠤᠯᠢᠶᠠᠰᠤᠨ ᠣᠶ ᠶᠢᠨ ᠮᠠᠭᠤᠳᠠᠯ ᠢ ᠲᠠᠰ ᠢᠯᠭᠠᠨ ᠲᠠᠨᠢᠬᠤ | ᠵᠠᠭᠪᠤᠷ ᠢ ᠠᠩᠬ᠎ᠠ ᠠᠯᠬᠤᠮ ᠪᠠᠶᠢᠭᠤᠯᠤᠭᠰᠠᠨ ᠪᠥᠭᠡᠳ ᠬᠠᠭᠤᠴᠢᠷᠠᠵᠤ ᠮᠠᠭᠤᠵᠢᠷᠠᠭᠰᠠᠨ ᠰᠢᠯᠲᠠᠭᠠᠨ ᠢ ᠵᠠᠳᠠᠯᠵᠤ᠂ ᠣᠲᠣ ᠶᠢᠨ ᠪᠠᠶᠢᠭ᠎ᠠ ᠲᠠᠴᠢᠷᠳᠠᠭᠰᠠᠨ ᠬᠤᠩᠭᠢᠯ ᠤᠨ | ᠤᠷᠭᠤᠮᠠᠯ ᠤᠨ ᠬᠤᠴᠢᠯᠭ᠎ᠠ ᠶᠢ ᠨᠥᠬᠦᠵᠦ ᠳᠠᠷᠢᠬᠤ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠲᠥᠰᠦᠯ ᠢ ᠳᠤᠷᠠᠳᠤᠨ ᠭᠠᠷᠭᠠᠵᠠᠶ᠃ | ᠠᠷᠪᠠᠨ ᠶᠡᠭᠡ ᠬᠦᠨᠳᠡᠢ ᠶᠢᠨ ᠰᠠᠯᠬᠢᠨ ᠳᠤ ᠢᠳᠡᠭᠳᠡᠭᠰᠡᠨ ᠭᠠᠵᠠᠷ ᠤᠨ ᠡᠯᠡᠰᠦ ᠰᠢᠪᠠᠷ ᠢ ᠬᠤᠷᠢᠭᠯᠠᠵᠤ ᠡᠵᠡᠮᠳᠡᠬᠦ ᠬᠢᠭᠡᠳ ᠪᠠᠶᠢᠭᠠᠯᠢ ᠶᠢᠨ ᠠᠮᠢ ᠠᠬᠤᠢ ᠶᠢ ᠰᠡᠷᠭᠦᠭᠡᠬᠦ | ᠮᠡᠷᠭᠡᠵᠢᠯ ᠤᠨ ᠴᠤᠭᠯᠠᠷᠠᠯ ᠪᠠ ᠵᠢᠱᠢᠶ᠎ᠡ ᠦᠵᠡᠭᠦᠯᠬᠦ ᠲᠥᠷᠥᠯ ᠵᠦᠢᠯ᠂ ᠰᠠᠪᠠ ᠭᠠᠵᠠᠷ ᠤᠨ ᠰᠠᠯᠬᠢ ᠡᠯᠡᠰᠦ ᠶᠢ ᠵᠠᠰᠠᠬᠤ ᠬᠦᠴᠢᠷᠳᠡᠯ ᠶᠡᠭᠡ᠂ ᠣᠶ ᠰᠢᠭᠤᠶ ᠡᠪᠡᠰᠦ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢ ᠪᠠᠶᠢᠭᠤᠯᠬᠤ ᠳᠤ ᠬᠦᠴᠢᠷᠲᠡᠶ ᠵᠡᠷᠭᠡ ᠠᠰᠠᠭᠤᠳᠠᠯ ᠢ ᠬᠠᠨᠳᠤᠯᠭᠠᠲᠤ ᠴᠢᠨᠠᠷᠲᠠᠶ ᠪᠠᠷ ᠰᠢᠢᠳᠪᠦᠷᠢᠯᠡᠬᠦ ᠶᠢᠨ ᠬᠠᠮᠲᠤ ᠠᠭᠤᠯᠠ ᠤᠰᠤ ᠣᠶ ᠲᠠᠷᠢᠶ᠎ᠠ | ᠨᠠᠭᠤᠷ ᠪᠡᠯᠴᠢᠭᠡᠷ ᠡᠯᠡᠰᠦ ᠶᠢ ᠵᠠᠰᠠᠬᠤ ᠬᠢᠭᠡᠳ ᠠᠮᠢ ᠠᠬᠤᠶ ᠶᠢᠨ ᠴᠢᠳᠠᠮᠵᠢ ᠶᠢ ᠳᠡᠭᠡᠭᠰᠢᠯᠡᠭᠦᠯᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠰᠢᠰᠲ᠋ᠧᠮ ᠲᠠᠢ ᠥᠷᠨᠢᠭᠦᠯᠬᠦ ᠶᠢᠨ ᠬᠠᠮᠲᠤ | ᠵᠢᠱᠢᠶ᠎ᠡ ᠦᠵᠡᠭᠦᠯᠦᠨ ᠳᠡᠯᠭᠡᠷᠡᠭᠦᠯᠦᠨ᠎ᠡ᠃ ᠣᠳᠣᠬᠠᠨ ᠳᠤ ᠨᠢᠭᠡᠨᠲᠡ ᠬᠥᠷᠥᠰᠥ ᠰᠢᠷᠣᠶ ᠨᠢ ᠳᠣᠪᠣᠷᠬᠠᠭ ᠭᠤᠤ ᠭᠠᠩᠭ᠎ᠠ ᠶᠢᠨ ᠣᠷᠣᠨ ᠤ ᠤᠰᠤ ᠡᠯᠡᠰᠦ ᠶᠢ ᠪᠦᠲᠦᠮᠵᠢᠲᠡᠶ | ᠬᠤᠷᠢᠭᠯᠠᠬᠤ ᠮᠡᠷᠭᠡᠵᠢᠯ ᠵᠡᠷᠭᠡ ᠰᠤᠳᠤᠯᠭᠠᠨ ᠤ ᠲᠠᠯ᠎ᠠ ᠪᠠᠷ ᠢᠳᠡᠪᠬᠢᠲᠡᠶ ᠠᠬᠢᠴᠠ ᠲᠠᠢ ᠪᠣᠯᠵᠤ᠂ ᠭᠤᠤ ᠬᠥᠲᠥᠯ ᠤᠨ ᠬᠦᠴᠢᠷᠳᠡᠯ ᠲᠠᠢ ᠭᠠᠵᠠᠷ ᠲᠤ ᠲᠠᠷᠢᠬᠤ ᠮᠡᠷᠭᠡᠵᠢᠯ ᠢ | ᠲᠣᠭᠲᠠᠭᠤᠨ ᠪᠠᠶᠢᠭᠤᠯᠬᠤ ᠲᠠᠯ᠎ᠠ ᠪᠠᠷ᠂ ᠬᠠᠵᠠᠭᠤ ᠬᠥᠲᠥᠯ ᠤᠨ ᠴᠢᠬᠢ ᠪᠤᠶᠢᠵᠢᠭᠤᠯᠬᠤ ᠡᠳᠡᠭᠡᠷᠡᠯᠲᠡ ᠪᠠ ᠬᠠᠳᠠᠭᠠᠯᠠᠬᠤ ᠨᠣᠷᠮ᠎ᠠ ᠨᠢ ᠴᠥᠮ 85% ᠠᠴᠠ ᠳᠠᠪᠠᠵᠤ᠂ | 70% ᠶᠢᠨ ᠡᠭᠦᠰᠦᠮᠡᠯ ᠬᠥᠷᠥᠰᠥ ᠰᠢᠷᠣᠢ ᠶᠢᠨ ᠢᠳᠡᠭᠳᠡᠯ ᠪᠠ ᠬᠥᠷᠥᠰᠥ ᠰᠢᠷᠣᠢ ᠶᠢᠨ ᠰᠢᠮ᠎ᠡ ᠲᠡᠵᠢᠭᠡᠯ ᠤᠨ ᠬᠤᠬᠢᠷᠠᠯ ᠢ ᠪᠠᠭᠠᠰᠬᠠᠭᠰᠠᠨ ᠪᠠᠶᠢᠨ᠎ᠠ︔ ᠰᠠᠯᠬᠢ ᠡᠯᠡᠰᠦ ᠶᠢᠨ | ᠣᠷᠣᠨ ᠤ ᠰᠠᠯᠬᠢ ᠡᠯᠡᠰᠦᠨ ᠤ ᠬᠥᠳᠡᠯᠭᠡᠭᠡᠨ ᠪᠠ ᠡᠯᠡᠰᠦᠷᠬᠡᠭ ᠭᠠᠵᠠᠷ ᠤᠨ ᠨᠡᠭᠦᠳᠡᠯ ᠠᠵᠢᠭᠯᠠᠯᠲᠠ ᠶᠢᠨ ᠭᠦᠢᠴᠡᠳᠬᠡᠬᠦ ᠲᠤᠭ᠎ᠠ᠂ ᠠᠵᠢᠭᠯᠠᠯᠲᠠ ᠶᠢᠨ ᠠᠷᠭ᠎ᠠ ᠵᠡᠷᠭᠡ ᠮᠡᠷᠭᠡᠵᠢᠯ ᠤᠨ | ᠲᠣᠭᠲᠠᠯᠴᠠᠭ᠎ᠠ ᠶᠢ ᠵᠢᠷᠤᠮᠵᠢᠭᠤᠯᠪᠠ᠃ | ᠶᠠᠪᠠᠷᠠᠢ ᠠᠭᠤᠯᠠ ᠶᠢᠨ ᠡᠯᠡᠰᠦᠨ ᠰᠢᠭᠤᠷᠭ᠎ᠠ ᠶᠢ ᠶᠡᠷᠦᠩᠬᠡᠶᠢᠯᠡᠨ ᠵᠠᠰᠠᠬᠤ ᠪᠠ ᠡᠯᠡᠰᠦᠨ ᠴᠥᠯ ᠤᠨ ᠬᠥᠪᠡᠭᠡ ᠵᠠᠬ᠎ᠠ ᠪᠠᠷ ᠰᠠᠯᠬᠢ ᠶᠢ ᠰᠡᠷᠭᠡᠶᠢᠯᠡᠵᠦ ᠡᠯᠡᠰᠦ ᠶᠢ | ᠲᠣᠭᠲᠠᠪᠤᠷᠢᠵᠢᠭᠤᠯᠬᠤ ᠤᠢ ᠰᠢᠭᠤᠢ ᠡᠪᠡᠰᠦᠨ ᠤ ᠪᠦᠰᠡ ᠶᠢ ᠪᠦᠳᠦᠭᠡᠨ ᠪᠠᠶᠢᠭᠤᠯᠬᠤ ᠮᠡᠷᠭᠡᠵᠢᠯ ᠤᠨ ᠵᠢᠱᠢᠶ᠎ᠡ ᠦᠵᠡᠭᠦᠯᠬᠦ ᠲᠦᠷᠦᠯ ᠵᠦᠢᠯ ᠂ ︽ᠡᠬᠢ ᠡᠭᠦᠰᠦᠯ ᠠᠴᠠ ᠨᠢ | ᠡᠯᠡᠰᠦ ᠶᠢ ᠲᠣᠭᠲᠠᠪᠤᠷᠢᠵᠢᠭᠤᠯᠬᠤ᠂ ᠵᠠᠮ ᠳᠠᠭᠠᠤ ᠡᠯᠡᠰᠦ ᠶᠢ ᠬᠤᠷᠢᠭᠯᠠᠬᠤ᠂ ᠳᠤᠤᠷᠠᠳᠤ ᠬᠡᠯᠬᠢᠶ᠎ᠡ ᠪᠠᠷ ᠡᠯᠡᠰᠦ ᠶᠢ ᠵᠠᠰᠠᠬᠤ︾ ᠶᠢ ᠨᠢᠭᠡ ᠴᠤᠭᠴᠠᠵᠢᠭᠤᠯᠤᠨ ᠵᠠᠰᠠᠬᠤ | ᠣᠶᠢᠯᠠᠭᠠᠭᠳᠠᠬᠤᠨ ᠢᠶᠠᠷ ᠶᠠᠪᠠᠷᠠᠢ ᠶᠢᠨ ᠬᠦᠴᠦᠲᠡᠢ ᠡᠯᠡᠰᠦᠨ ᠴᠦᠯ ᠤᠨ ᠲᠦᠢᠯ ᠤᠨ ᠣᠷᠴᠢᠨ ᠲᠣᠭᠤᠷᠢᠨ ᠳᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠮᠡᠷᠭᠡᠵᠢᠯ ᠤᠨ | ᠪᠣᠭᠤᠮᠢ ᠶᠢ ᠰᠢᠪᠲᠤᠯᠵᠤ᠂ ᠨᠡᠭᠦᠳᠡᠯ ᠡᠯᠡᠰᠦ ᠶᠢ ᠶᠡᠷᠦᠩᠬᠡᠶᠢᠯᠡᠨ ᠵᠠᠰᠠᠬᠤ᠂ ᠰᠥᠷᠬᠦ ᠤᠷᠭᠤᠮᠠᠯ ᠢ ᠰᠣᠩᠭᠤᠨ ᠪᠤᠶᠢᠵᠢᠭᠤᠯᠵᠤ ᠪᠠᠶᠢᠭᠤᠯᠬᠤ᠂ ᠨᠢᠭᠲᠠᠷᠠᠭᠰᠠᠨ ᠪᠣᠭᠤᠨᠢ ᠨᠡᠭᠦᠳᠡᠯ | ᠡᠯᠡᠰᠦᠨ ᠳᠤᠪᠤ ᠶᠢᠨ ᠪᠠᠶᠢᠭᠠᠯᠢ ᠶᠢᠨ ᠰᠡᠷᠭᠦᠭᠡᠯᠲᠡ ᠶᠢᠨ ᠮᠡᠷᠭᠡᠵᠢᠯ ᠤᠨ ᠲᠣᠭᠲᠠᠯᠴᠠᠭ᠎ᠠ ᠶᠢ ᠰᠢᠢᠳᠪᠦᠷᠢᠯᠡᠬᠦ ᠪᠣᠯᠤᠨ᠎ᠠ᠃ ᠣᠳᠣᠬᠠᠨ ᠳᠤ ᠨᠢᠭᠡᠨᠲᠡ 10 ᠵᠦᠢᠯ ᠤᠨ ᠳᠠᠪᠤᠰᠤᠨ ᠳᠤ | ᠲᠡᠰᠪᠦᠷᠢᠲᠡᠢ ᠭᠠᠩ ᠬᠠᠭᠰᠠᠷᠠᠭᠠᠨ ᠳᠤ ᠲᠡᠰᠪᠦᠷᠢᠲᠡᠢ ᠤᠷᠭᠤᠮᠠᠯ ᠢ ᠠᠩᠬ᠎ᠠ ᠠᠯᠬᠤᠮ ᠰᠣᠩᠭᠤᠨ ᠭᠠᠷᠭᠠᠵᠤ᠂ ᠮᠣᠩᠭᠤᠯ ᠬᠡᠭᠡᠷ᠎ᠡ ᠶᠢᠨ ᠢᠮᠠᠭᠠᠨ ᠨᠦᠢᠯ᠂ ᠴᠡᠴᠡᠭ ᠤᠨ ᠱᠢᠲᠠᠮ | ᠵᠡᠷᠭᠡ 7 ᠰᠠᠯᠬᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠶᠡᠬᠡᠲᠡᠢ ᠨᠤᠲᠤᠭ ᠤᠨ ᠮᠣᠳᠣᠨ ᠤ ᠲᠥᠷᠥᠯ ᠢ ᠰᠣᠩᠭᠤᠨ ᠪᠦᠵᠢᠭᠤᠯᠵᠤ᠂ ᠪᠠᠳ ᠠᠢ ᠶᠢᠨ | ᠵᠢᠷᠠᠨ ᠤ ᠡᠯᠡᠰᠦᠨ ᠴᠦᠯ ᠤᠨ ᠲᠠᠴᠢᠷᠳᠠᠭᠰᠠᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠮᠡᠷᠭᠡᠵᠢᠯ ᠵᠡᠷᠭᠡ ᠲᠠᠯ᠎ᠠ ᠪᠠᠷ ᠢᠳᠡᠪᠬᠢᠲᠡᠢ ᠠᠬᠢᠯᠲᠠ ᠲᠠᠢ ᠪᠣᠯᠪᠠ᠃ | ᠣᠶᠢᠯᠠᠭᠠᠭᠰᠠᠨ ᠢᠶᠠᠷ᠂ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠨᠢ 3 ᠵᠢᠯ ᠪᠣᠯᠤᠨ᠎ᠠ᠃ 3 ᠲᠥᠷᠥᠯ ᠵᠦᠢᠯ ᠨᠢ ︽ ᠤᠮᠠᠷᠠᠲᠤ ᠶᠢᠨ ᠭᠤᠷᠪᠠᠨ ᠣᠷᠤᠨ︾ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠦᠵᠡᠭᠳᠡᠯ ᠳᠠᠬᠢ ᠪᠣᠳᠠᠲᠠᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠢᠷ ᠠᠰᠠᠭᠤᠳᠠᠯ ᠢ ᠣᠨᠢᠯᠠᠵᠤ᠂ ᠬᠠᠲᠤᠨ | ᠭᠤᠤᠯ ᠤᠨ ︽ᠬᠡᠳᠦᠨ ᠦᠰᠦᠭ︾᠂ ᠬᠥᠪᠴᠢ ᠡᠯᠡᠰᠦᠨ ᠴᠥᠯ᠂ ᠶᠠᠪᠠᠷᠠᠢ ᠠᠭᠤᠯᠠ ᠶᠢᠨ ᠰᠠᠯᠬᠢ ᠡᠯᠡᠰᠦᠨ ᠤ ᠣᠷᠣᠨ ᠵᠡᠷᠭᠡ ᠭᠤᠷᠪᠠᠨ ᠶᠡᠭᠡ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠯᠡᠰᠦ ᠮᠠᠩᠬ᠎ᠠ ᠬᠢᠭᠡᠳ ᠠᠷᠪᠠᠨ ᠶᠡᠭᠡ ᠨᠦᠬᠡ ᠶᠢᠨ ᠭᠠᠵᠠᠷ ᠣᠷᠣᠨ ᠢ ᠶᠡᠷᠦᠩᠬᠡᠶᠢᠯᠡᠨ ᠵᠠᠰᠠᠬᠤ ᠪᠠ ᠠᠮᠢ | ᠠᠬᠤᠶ ᠶᠢ ᠰᠡᠷᠭᠦᠭᠡᠬᠦ᠂ ᠬᠠᠭᠤᠴᠢᠷᠠᠵᠤ ᠮᠠᠭᠤᠳᠠᠭᠰᠠᠨ ᠣᠶ ᠶᠢ ᠰᠢᠨᠡᠳᠬᠡᠨ ᠥᠭᠡᠷᠡᠴᠢᠯᠡᠬᠦ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠡᠷᠭᠡ | ᠵᠠᠩᠭᠢᠯᠠᠭ᠎ᠠ ᠶᠢᠨ ᠮᠡᠷᠭᠡᠵᠢᠯ ᠤᠨ ᠬᠤᠷᠠᠮᠠᠯ ᠰᠢᠨ᠎ᠡ ᠶᠢ ᠡᠭᠦᠳᠬᠦ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠭᠤᠤᠯᠳᠠᠯᠭ᠎ᠠ ᠲᠠᠢ ᠦᠷᠨᠢᠭᠦᠯᠪᠡ᠃ ᠲᠥᠷᠥᠯ ᠵᠦᠢᠯ ᠢ | ᠬᠡᠷᠡᠭᠵᠢᠭᠦᠯᠬᠦ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠬᠢᠭᠡᠳ ᠪᠣᠬᠢᠷᠲᠤᠯ ᠥᠬᠡᠶ ᠬᠥᠭᠵᠢᠯᠲᠡ ᠳᠤ | ᠪᠣᠯᠪᠠᠰᠤᠷᠠᠩᠭᠤᠶ ᠪᠣᠯᠤᠭᠰᠠᠨ ᠮᠡᠷᠭᠡᠵᠢᠯ ᠪᠠ ᠰᠢᠰᠲ᠋ᠧᠮᠲᠦ ᠲᠥᠰᠦᠯ ᠬᠠᠩᠭᠠᠪᠠ᠃ | |