11 ᠳ᠋ᠦ᠋ᠭᠡᠷ ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠺᠠᠶ ᠪᠦᠯᠬᠦᠮ ᠳᠠᠭᠠᠭᠤᠯᠤᠨ ᠲᠣᠰ ᠡᠭᠡᠯᠵᠢ ᠶᠢᠨ ᠬᠦᠢᠲᠡᠷᠡᠵᠦ ᠴᠠᠰᠤ | ᠣᠷᠣᠬᠤ ᠴᠠᠭ ᠠᠭᠤᠷ ᠤᠨ ᠳᠠᠷᠠᠭᠠᠬᠢ ᠵᠠᠮ ᠢ ᠴᠡᠪᠡᠷᠯᠡᠨ ᠲᠡᠭᠡᠭᠡᠪᠦᠷᠢᠯᠡᠬᠦ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠡᠷᠭᠡ ᠪᠠᠶᠢᠳᠠᠯ ᠤᠨ ᠲᠤᠬᠠᠶ ᠲᠤᠬᠠᠶ ᠶᠢᠨ | ᠭᠠᠵᠠᠷ ᠲᠤᠨᠢ ᠪᠠᠶᠢᠴᠠᠭᠠᠨ ᠰᠣᠳᠤᠯᠪᠠ᠃ | ᠰᠢᠩ ᠺᠠᠢ ᠨᠠᠷ ᠪᠠᠶ᠋ᠬᠠᠤᠪᠤᠭ᠎ᠠ ᠵᠡᠭᠡᠯᠢ᠂ ᠬᠤᠪᠣᠷ ᠰᠢᠷᠣᠢ ᠶᠢᠨ ᠶᠡᠭᠡ ᠵᠡᠭᠡᠯᠢ᠂ ᠠᠭᠤᠷᠬᠠᠢ ᠶᠢᠨ ᠠᠭᠤᠯᠠ ᠵᠠᠮ᠂ ᠳ᠋ᠢᠩ ᠳ᠋ᠤᠤ ᠾᠧᠩ ᠵᠠᠮ ᠵᠡᠷᠭᠡ ᠭᠤᠣᠯ ᠵᠡᠭᠡᠯᠢ | ᠭᠤᠳᠤᠮᠵᠢ ᠶᠢᠨ ᠰᠠᠭᠠᠳ ᠦᠭᠡᠢ ᠨᠡᠪᠲᠡᠷᠡᠬᠦ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠬᠥᠮᠦᠨ ᠪᠣᠯᠤᠨ ᠴᠡᠪᠡᠷᠯᠡᠨ ᠠᠷᠢᠯᠭᠠᠬᠤ ᠲᠥᠬᠦᠭᠡᠷᠦᠮᠵᠢ ᠶᠢ | ᠵᠣᠬᠢᠰᠲᠠᠢ ᠨᠢᠭᠡᠳᠦᠯᠲᠡᠢ ᠲᠦᠯᠦᠪᠯᠡᠨ ᠲᠤᠬᠢᠷᠠᠭᠤᠯᠵᠤ᠂ ᠴᠡᠪᠡᠷᠯᠡᠨ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠴᠡᠪᠡᠷᠯᠡᠨ ᠠᠷᠢᠯᠭᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ | ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠵᠠᠮ ᠬᠠᠷᠢᠯᠴᠠᠭᠠᠨ ᠤ ᠴᠠᠭᠳᠠᠭ᠎ᠠ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠳ | ᠡᠭᠦᠷᠭᠡ ᠭᠦᠢᠴᠡᠳᠬᠡᠬᠦ ᠡᠷᠴᠢᠮ ᠢᠶᠠᠨ ᠴᠢᠩᠭᠠᠷᠠᠭᠤᠯᠵᠤ᠂ ᠵᠠᠮ ᠬᠠᠷᠢᠯᠴᠠᠭᠠᠨ ᠤ ᠠᠶᠤᠯ ᠠᠴᠠ ᠠᠪᠤᠷᠠᠨ ᠲᠤᠰᠠᠯᠠᠬᠤ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠣᠨᠴᠠᠭᠠᠢ ᠴᠠᠭ ᠠᠭᠤᠷ ᠤᠨ ᠳᠣᠣᠷᠠᠬᠢ ᠵᠠᠮ ᠬᠠᠷᠢᠯᠴᠠᠭᠠᠨ ᠤ ᠡᠮᠬᠢ ᠳᠢᠭᠯᠢᠮ ᠪᠣᠯᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠦᠨᠡᠨ ᠬᠦ | ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠳᠠᠷᠠᠭ᠎ᠠ ᠳᠤᠨᠢ᠂ ᠰᠢᠩ ᠺᠠᠢ ᠨᠠᠷ ᠤᠷᠢᠳ ᠬᠤᠵᠢᠳ ᠪᠦᠬᠦ ᠲᠣᠭᠤᠷᠢᠭ ᠤᠨ 3 ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠪᠣᠯᠤᠨ ᠶᠦᠩ ᠱᠧᠩ ᠴᠧᠩ ᠬᠡᠳᠦ | ᠳᠡᠯᠭᠡᠭᠦᠷ ᠲᠤ ᠬᠦᠷᠴᠦ᠂ ᠡᠯ᠎ᠡ ᠲᠦᠷᠦᠯ ᠤᠨ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠪᠣᠯᠤᠨ ᠦᠨ᠎ᠡ ᠬᠠᠩᠰᠢ ᠶᠢᠨ ᠪᠠᠶᠢᠳᠠᠯ ᠢ ᠨᠠᠷᠢᠨ ᠣᠶᠢᠯᠠᠭᠠᠪᠠ᠃ ᠪᠦᠬᠦ | ᠲᠤᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠢ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠡᠳ᠋ ᠪᠣᠳᠠᠰ ᠢ ᠵᠦᠶ ᠵᠣᠬᠢᠰᠲᠠᠶ ᠲᠣᠬᠢᠷᠠᠭᠤᠯᠵᠤ᠂ ᠵᠠᠬ᠎ᠠ ᠳᠡᠯᠭᠡᠭᠦᠷ ᠤᠨ | ᠠᠷᠠᠯᠵᠢᠶᠠᠨ ᠤ ᠶᠠᠰᠤ ᠴᠢᠨᠠᠷ᠂ ᠬᠡᠮᠵᠢᠶ᠎ᠡ᠂ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠬᠦ ᠦᠭᠡᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠵᠠᠩ ᠷᠦᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | |