ᠣᠶᠢᠷ᠎ᠠ ᠶᠢᠨ ᠬᠤᠭᠤᠴᠠᠭᠠᠨ ᠳᠤ ᠪᠠᠶ᠋ᠬᠠᠣᠪᠤᠭ᠎ᠠ ᠶᠢᠨ ᠭᠠᠵᠠᠷ ᠣᠷᠣᠨ ᠳᠤ ᠭᠡᠨᠡᠳᠲᠡ ᠶᠡᠭᠡ ᠴᠠᠰᠤ ᠣᠷᠣᠵᠤ᠂ ᠠᠭᠠᠷ ᠤᠨ ᠳᠤᠯᠠᠭᠠᠨ ᠭᠡᠨᠡᠳᠲᠡ ᠪᠠᠭᠤᠷᠠᠵᠤ᠂ ᠶᠡᠭᠡ ᠰᠠᠯᠬᠢᠨ | ᠪᠦᠦ ᠱᠠᠨ ᠢᠯᠴᠢ ᠴᠠᠬᠢᠯᠭᠠᠨ ᠤ ᠭᠦᠸᠧᠯᠦ ᠶᠢᠨ ᠭᠡᠷ ᠠᠴᠠ ᠪᠠᠶ᠋ᠬᠠᠣᠪᠤᠭ᠎ᠠ ᠲᠡᠮᠦᠷ ᠤᠨ ᠠᠭᠤᠷᠬᠠᠶ ᠬᠦᠷᠲᠡᠯᠡᠬᠢ 10.9 ᠺᠢᠯᠤᠮᠧᠲᠷ ᠣᠷᠴᠢᠮ ᠤᠨ ᠢᠯᠴᠢ ᠬᠠᠩᠭᠠᠬᠤ | ᠬᠤᠭᠤᠯᠠᠶ ᠶᠢ ᠬᠠᠷᠰᠢᠯᠠᠨ᠎ᠠ᠃ ᠡᠨᠡ ᠬᠦ ᠢᠯᠴᠢ ᠬᠠᠩᠭᠠᠬᠤ ︽ᠠᠮᠢᠨ ᠰᠤᠳᠠᠰᠤ︾ ᠶᠢ ᠬᠠᠮᠠᠭᠠᠯᠠᠬᠤ ᠶᠢᠨ ᠲᠥᠯᠥᠭᠡ᠂ ᠬᠦᠳᠡᠯᠭᠡᠭᠴᠢ ᠬᠦᠴᠦᠨ ᠤ ᠠᠵᠢᠯ ᠤᠨ ᠬᠡᠯᠲᠡᠰ ᠤᠨ ᠢᠯᠴᠢ | ᠬᠠᠩᠭᠠᠬᠤ ᠠᠵᠢᠯᠲᠠᠨ ᠠᠵᠢᠯᠴᠢᠨ ᠶᠡᠭᠡ ᠴᠠᠰᠤᠨ ᠳᠤ ᠬᠦᠢᠲᠡᠨ ᠰᠠᠯᠬᠢᠨ ᠢ ᠰᠥᠷᠴᠦ᠂ ᠢᠯᠴᠢ ᠬᠠᠩᠭᠠᠬᠤ ᠬᠤᠭᠤᠯᠠᠶ ᠶᠢ ᠨᠠᠷᠢᠨ ᠬᠢᠨᠠᠮᠠᠭᠠᠶ ᠪᠠᠶᠢᠴᠠᠭᠠᠪᠠ᠃ | | | | | | ᠠᠵᠢᠯ ᠤᠨ ᠳᠤᠮᠳᠠ᠂ ᠠᠵᠢᠯᠲᠠᠳ ᠨᠡᠭᠡᠯᠡᠬᠡᠶ ᠨᠢᠭᠡᠪᠦᠷᠢ᠂ ᠲᠤᠯᠤᠭᠠᠰᠤ ᠨᠢᠭᠡᠪᠦᠷᠢ᠂ ᠵᠢᠴᠢ ᠬᠤᠭᠤᠯᠠᠶ ᠶᠢᠨ ᠲᠡᠯᠡᠵᠦ ᠠᠪᠴᠢᠬᠤ ᠣᠷᠣᠨ ᠪᠠᠶᠢᠷᠢ ᠶᠢᠨ ᠪᠠᠶᠢᠳᠠᠯ᠂ ᠭᠤᠯᠭᠤᠭᠤᠷ | ᠬᠡᠰᠡᠭ ᠨᠢ ᠪᠦᠷᠢᠨ ᠪᠦᠲᠦᠨ ᠪᠠᠶᠢᠬᠤ ᠡᠰᠡᠬᠦ᠂ ᠤᠰᠤ ᠵᠠᠯᠠᠬᠤ ᠨᠡᠭᠡᠯᠡᠬᠡᠶ ᠭᠠᠳᠠᠭᠰᠢᠯᠠᠭᠤᠯᠬᠤ ᠪᠠᠶᠢᠳᠠᠯ ᠨᠢ ᠬᠡᠪ ᠤᠨ ᠡᠰᠡᠬᠦ ᠶᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠪᠠ᠃ | ᠦᠢᠯᠡᠳᠪᠦᠷᠢ ᠶᠢᠨ ᠲᠣᠭᠤᠷᠢᠭ ᠤᠨ ᠬᠡᠪ ᠤᠨ ᠳᠤᠯᠠᠭᠠᠯᠭ᠎ᠠ ᠶᠢ ᠪᠠᠲᠤᠯᠠᠬᠤ ᠶᠢᠨ ᠲᠥᠯᠥᠭᠡ᠂ ᠳᠤᠯᠠᠭᠠᠯᠭ᠎ᠠ ᠬᠠᠩᠭᠠᠬᠤ ᠠᠵᠢᠯᠲᠠᠨ ᠠᠵᠢᠯᠴᠢᠳ ᠬᠤᠭᠤᠯᠠᠶ ᠳᠡᠭᠡᠷᠡᠬᠢ ᠨᠡᠭᠡᠯᠡᠬᠡᠶ ᠶᠢ | ᠲᠣᠬᠢᠷᠠᠭᠤᠯᠵᠤ᠂ ᠳᠠᠷᠤᠯᠲᠠ ᠶᠢ ᠲᠡᠩᠴᠡᠭᠦᠷᠢ ᠲᠠᠢ ᠪᠣᠯᠭᠠᠵᠤ᠂ ᠠᠵᠤ ᠠᠬᠤᠶ ᠶᠢᠨ ᠳᠤᠯᠠᠭᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠪᠠ᠃ | | | | | | ᠵᠤᠵᠠᠭᠠᠨ ᠬᠤᠷᠠᠭᠰᠠᠨ ᠴᠠᠰᠤᠨ ᠳᠤ᠂ ᠲᠡᠳᠡ ᠠᠯᠬᠤᠮ ᠠᠯᠬᠤᠮ ᠢᠶᠠᠷ ᠠᠯᠭᠤᠷᠬᠠᠨ ᠤᠷᠤᠭᠰᠢᠯᠠᠵᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠪᠠᠶᠢᠯ᠎ᠠ᠃ ᠲᠡᠳᠡ ᠢᠯᠴᠢ | ᠬᠠᠩᠭᠠᠬᠤ ᠠᠵᠢᠯ ᠤᠨ ᠬᠠᠮᠤᠭ ᠤᠨ ᠡᠮᠦᠨ᠎ᠡ ᠹᠷᠣᠨᠲ ᠢ ᠪᠠᠲᠤ ᠰᠠᠬᠢᠵᠤ᠂ ᠦᠢᠯᠡᠳᠪᠦᠷᠢ ᠶᠢᠨ ᠲᠣᠭᠤᠷᠢᠭ ᠤᠨ ᠢᠯᠴᠢ ᠬᠠᠩᠭᠠᠬᠤ ᠰᠢᠰᠲ᠋ᠧᠮ ᠤᠨ ᠬᠡᠪ ᠤᠨ ᠠᠵᠢᠯᠯᠠᠭᠠᠨ ᠢ | ᠪᠠᠲᠤᠯᠠᠵᠤ᠂ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠠᠭᠤᠷᠬᠠᠢ ᠶᠢᠨ ᠠᠵᠢᠯᠲᠠᠨ ᠳᠤ ᠨᠢᠭᠡᠨ ᠬᠠᠯᠠᠭᠤᠨ ᠳᠤᠯᠠᠭᠠᠨ ᠲᠠᠭᠠᠯᠠᠮᠵᠢᠲᠠᠶ ᠠᠵᠢᠯ ᠤᠨ ᠣᠷᠴᠢᠨ ᠲᠣᠭᠤᠷᠢᠨ ᠢ ᠪᠣᠶ | ᠪᠣᠯᠭᠠᠵᠤ ᠥᠭᠴᠡᠶ᠃ | |