ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠵᠡᠷᠭᠡ ᠭᠤᠷᠪᠠᠨ ᠰᠠᠯᠠᠭ᠎ᠠ ᠮᠥᠴᠢᠷ ᠬᠠᠮᠲᠤᠷᠠᠨ ︽ᠴᠡᠴᠡᠷᠯᠢᠭ ᠤᠨ ᠭᠡᠦᠬᠡᠳ ᠪᠠ ᠪᠠᠭ᠎ᠠ ᠰᠤᠷᠭᠠᠭᠤᠯᠢ ᠶᠢᠨ ᠭᠡᠦᠬᠡᠳ ᠤᠨ | ᠣᠶᠢᠷ᠎ᠠ ᠬᠠᠷᠠᠭ᠎ᠠ ᠶᠢ ᠰᠡᠷᠭᠡᠶᠢᠯᠡᠬᠦ ᠵᠠᠩᠭᠢᠯᠠᠭ᠎ᠠ ᠶᠢᠨ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭ᠎ᠠ ᠠᠳᠬᠤᠬᠤ ᠲᠤᠬᠠᠶ ᠮᠡᠳᠡᠭᠳᠡᠯ︾ ᠢ ᠳᠠᠷᠤᠮᠠᠯᠯᠠᠨ | ᠲᠠᠷᠬᠠᠭᠠᠪᠠ᠃ ᠮᠡᠳᠡᠭᠳᠡᠯ ᠳᠤ᠄ ᠬᠡᠦᠬᠡᠳ ᠪᠠᠭᠠᠴᠤᠳ ᠤᠨ ᠡᠳᠦᠷ ᠪᠦᠷᠢ ᠶᠢᠨ ᠬᠡᠷ ᠤᠨ ᠭᠠᠳᠠᠨᠠᠬᠢ ᠬᠥᠳᠡᠯᠭᠡᠭᠡᠨ ᠤ ᠴᠠᠭ ᠢ 2 ᠴᠠᠭ ᠠᠴᠠ ᠳᠤᠲᠠᠭᠤ ᠪᠠᠶᠢᠯᠭᠠᠵᠤ ᠪᠣᠯᠬᠤ ᠥᠬᠡᠶ᠂ | ᠡᠭᠦᠨ ᠳᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠴᠠᠭ ᠢ 1 ᠴᠠᠭ ᠠᠴᠠ ᠳᠤᠲᠠᠭᠤ ᠪᠠᠶᠢᠯᠭᠠᠵᠤ ᠪᠣᠯᠬᠤ ᠥᠬᠡᠶ︔ ᠪᠠᠭ᠎ᠠ ᠰᠤᠷᠭᠠᠭᠤᠯᠢ ᠨᠢ ᠰᠠᠷ᠎ᠠ ᠪᠦᠷᠢ ᠨᠠᠭᠠᠳᠤ ᠵᠠᠬ᠎ᠠ ᠳᠠᠭᠠᠨ | ᠨᠢᠭᠡ ᠤᠳᠠᠭ᠎ᠠ ᠬᠡᠦᠬᠡᠳ ᠤᠨ ᠰᠠᠭᠤᠬᠤ ᠤᠷᠤᠨ ᠪᠠᠶᠢᠷᠢ ᠳᠤ ᠲᠤᠬᠢᠷᠠᠭᠤᠯᠤᠯᠳᠠ ᠬᠢᠬᠦ ᠭᠡᠷᠡᠭᠳᠡᠢ︔ ︽ᠲᠡᠭ ᠡᠬᠢᠯᠡᠯᠲᠡ︾ ᠶᠢᠨ ᠬᠡᠪ ᠤᠨ ᠵᠢᠭᠠᠨ ᠰᠤᠷᠭᠠᠯᠲᠠ ᠶᠢ ᠴᠢᠩᠭ᠎ᠠ | ᠵᠢᠷᠤᠮᠯᠠᠵᠦ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠬᠤᠶᠠᠳᠤᠭᠠᠷ ᠣᠨ ᠤ ᠰᠤᠷᠤᠬᠴᠢ ᠳᠤ ᠪᠢᠴᠢᠬᠦ ᠭᠡᠷ ᠤᠨ ᠳᠠᠰᠬᠠᠯ ᠦᠯᠡᠳᠡᠭᠡᠬᠦ ᠦᠭᠡᠶ ᠪᠠᠶᠢᠵᠤ᠂ ᠭᠤᠷᠪᠠᠳᠤᠭᠠᠷ ᠣᠨ ᠠᠴᠠ | ᠵᠢᠷᠭᠤᠳᠤᠭᠠᠷ ᠣᠨ ᠤ ᠰᠤᠷᠤᠬᠴᠢ ᠶᠢᠨ ᠪᠢᠴᠢᠬᠦ ᠳᠠᠰᠬᠠᠯ ᠤᠨ ᠴᠠᠭ ᠢ 60 ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠶ︔ ᠡᠯᠧᠺᠳ᠋ᠷᠣᠨ ᠦᠢᠯᠡᠳᠬᠦᠨ ᠬᠡᠷᠡᠭᠯᠡᠨ ᠬᠢᠴᠢᠶᠡᠯᠯᠡᠬᠦ | ᠴᠠᠭ ᠢ ᠵᠠᠷᠴᠢᠮ ᠳᠡᠭᠡᠷ᠎ᠡ ᠪᠠᠨ ᠵᠢᠭᠠᠨ ᠰᠤᠷᠭᠠᠯᠲᠠ ᠶᠢᠨ ᠶᠡᠷᠦᠩᠬᠡᠶ ᠴᠠᠭ ᠤᠨ 30 % ᠠᠴᠠ ᠬᠡᠲᠦᠷᠡᠭᠦᠯᠵᠦ ᠪᠣᠯᠬᠤ ᠥᠬᠡᠶ᠂ ᠵᠠᠷᠴᠢᠮ ᠳᠡᠭᠡᠷ᠎ᠡ ᠪᠠᠨ ᠴᠠᠭᠠᠰᠤᠨ ᠲᠡᠭᠡᠷ᠎ᠡ | ᠪᠢᠴᠢᠭᠰᠡᠨ ᠳᠠᠰᠬᠠᠯ ᠢ ᠬᠡᠷᠡᠭᠯᠡᠬᠦ ᠬᠡᠷᠡᠭᠳᠡᠢ︔ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠪᠠᠶᠢᠭᠤᠯᠤᠮᠵᠢ ᠨᠢ ᠬᠢᠴᠢᠶᠡᠯ ᠪᠦᠷᠢ ᠶᠢᠨ ᠴᠠᠭ ᠢ 30 ᠮᠢᠨᠦ᠋ᠲ ᠠᠴᠠ ᠬᠡᠲᠦᠷᠡᠭᠦᠯᠵᠦ | ᠪᠣᠯᠬᠤ ᠥᠬᠡᠶ᠂ ᠬᠢᠴᠢᠶᠡᠯ ᠤᠨ ᠵᠠᠪᠰᠠᠷ ᠤᠨ ᠴᠠᠭ ᠢ 10 ᠮᠢᠨᠦ᠋ᠲ ᠠᠴᠠ ᠳᠤᠲᠠᠭᠤ ᠪᠠᠶᠢᠯᠭᠠᠵᠤ ᠪᠣᠯᠬᠤ ᠥᠬᠡᠶ ᠭᠡᠵᠦ ᠲᠤᠳᠤᠷᠬᠠᠢ ᠲᠤᠬᠳᠠᠭᠠᠪᠠ᠃ |