ᠨᠠᠰᠤᠳᠠᠢ ᠬᠦᠮᠦᠨ ᠤ ᠭᠡᠷᠡᠭᠯᠡᠳᠡᠭ ᠭᠠᠷ ᠤᠳᠠᠰᠤ ᠨᠢ ᠶᠠᠮᠠᠷᠴᠤ ᠭᠠᠷ ᠤᠲᠠᠰᠤ ᠶᠢᠨ ᠥᠷᠲᠡᠭ ᠨᠡᠮᠡᠭᠳᠡᠯ ᠤᠨ ᠲᠤᠬᠠᠶᠢᠯᠠᠭᠰᠠᠨ ᠠᠵᠢᠯ ᠤᠨ ᠴᠢᠳᠠᠮᠵᠢ ᠶᠢ ᠨᠡᠭᠡᠭᠡᠭᠰᠡᠨ ᠦᠭᠡᠢ ᠪᠠᠷ | ᠬᠠᠷᠢᠨ ᠥᠷᠲᠡᠭ ᠨᠡᠮᠡᠭᠳᠡᠯ ᠤᠨ ᠦᠢᠯᠡᠴᠢᠯᠡᠭᠡ ᠦᠪᠡᠰᠤᠪᠡᠨ ᠵᠠᠬᠢᠶᠠᠯᠠᠭᠳᠠᠵᠤ᠂ ᠭᠠᠷ ᠤᠲᠠᠰᠤ ᠬᠡᠷᠡᠭᠯᠡᠭᠴᠢ ᠶᠢᠨ ᠰᠦᠢᠳᠬᠡᠯ ᠢ ᠨᠢᠭᠤᠴᠠ ᠪᠠᠷ ᠰᠠᠭᠤᠯᠭᠠᠨ ᠠᠪᠴᠠᠢ᠂ ᠨᠡᠩ ᠴᠤ | ᠬᠦᠮᠦᠰ ᠤᠨ ᠰᠠᠨᠠᠭᠠᠨ ᠳᠤ ᠤᠷᠤᠬᠰᠠᠨ ᠦᠭᠡᠢ ᠶᠠᠪᠤᠳᠠᠯ ᠭᠡᠪᠡᠯ ᠪᠦᠬᠦ ᠤᠯᠤᠰ ᠲᠤ 98 ᠲᠦᠮᠡᠨ ᠭᠠᠷ ᠤᠲᠠᠰᠤ ᠡᠶᠢᠮᠦ ᠲᠣᠬᠢᠶᠠᠯᠳᠤᠯ ᠳᠤ ᠤᠴᠠᠷᠠᠬᠰᠠᠨ ᠪᠠᠶᠢᠨ᠎ᠠ᠃ | ︽ᠪᠢ ᠡᠵᠡᠩᠨᠡᠯᠲᠡ ᠶᠢᠨ ᠲᠢᠩᠬᠢᠮ ᠠᠴᠠ ᠨᠠᠰᠤᠳᠠᠢ ᠬᠦᠮᠦᠨ ᠤ ᠭᠡᠷᠡᠭᠯᠡᠳᠡᠭ ᠨᠢᠭᠡᠨ ᠭᠠᠷ ᠤᠳᠠᠰᠤ ᠬᠤᠳᠠᠯᠳᠤᠨ ᠠᠪᠬᠤ ᠳᠠᠭᠠᠨ᠂ ᠶᠠᠮᠠᠷᠴᠤ ᠭᠠᠷ ᠤᠲᠠᠰᠤ ᠶᠢᠨ ᠥᠷᠲᠡᠭ | ᠨᠡᠮᠡᠭᠳᠡᠯ ᠤᠨ ᠲᠤᠬᠠᠶᠢᠯᠠᠭᠰᠠᠨ ᠠᠵᠢᠯ ᠤᠨ ᠴᠢᠳᠠᠮᠵᠢ ᠨᠡᠭᠡᠭᠡᠯᠭᠡᠭᠰᠡᠨ ᠦᠭᠡᠢ ᠪᠠᠷ ᠬᠠᠷᠢᠨ ᠪᠠᠶᠢᠳᠠᠯ ᠢ ᠮᠡᠳᠡᠬᠦ ᠦᠭᠡᠢ ᠪᠠᠶᠢᠳᠠᠯ ᠳᠣᠣᠷ᠎ᠠ ᠮᠢᠨᠦ ᠭᠠᠷ ᠤᠲᠠᠰᠤ ᠲᠡᠭᠡᠷ᠎ᠡ ᠨᠢᠭᠡ | ᠵᠦᠢᠯ ᠤᠨ ︿ᠵᠡᠭᠦᠳᠦ ᠰᠦᠯᠵᠢᠶᠡᠨ ᠤ ᠣᠬᠤᠷ ᠮᠡᠳᠡᠭᠡ﹀ ᠤᠨ ᠲᠤᠬᠠᠢᠯᠠᠭᠰᠠᠨ ᠠᠵᠢᠯ ᠵᠠᠬᠢᠶᠠᠯᠠᠬᠳᠠᠵᠦ᠂ ᠰᠠᠷ᠎ᠠ ᠪᠤᠯᠭᠠᠨ 6 ᠲᠥᠭᠦᠷᠢᠭ ᠠᠴᠠ 10 ᠲᠥᠭᠦᠷᠢᠭ ᠤᠨ ᠬᠤᠭᠤᠷᠤᠨᠳᠤ | ᠠᠳᠠᠯᠢ ᠪᠤᠰᠤ ᠬᠡᠮᠵᠢᠶ᠎ᠡ ᠪᠠᠷ ᠭᠠᠷ ᠤᠳᠠᠰᠤᠨ ᠤ ᠰᠦᠢᠳᠭᠡᠯ ᠰᠠᠭᠤᠯᠭᠠᠨ ᠠᠪᠴᠤ᠂ ᠨᠢᠭᠡ ᠵᠢᠯ ᠪᠣᠯᠤᠭ᠎ᠠ ᠦᠭᠡᠢ ᠪᠠᠷ 60 ᠭᠠᠷᠤᠢ ᠲᠦᠭᠦᠷᠢᠭ ᠰᠠᠭᠤᠯᠭᠠᠨ ᠠᠪᠴᠠᠢ᠂ ᠡᠨᠡ ᠨᠢ | ᠪᠠᠷᠤᠭ ᠭᠠᠷ ᠤᠳᠠᠰᠤᠨ ᠳᠤ ᠸᠢᠷᠦ᠋ᠰ ᠤᠷᠤᠬᠰᠠᠨ ᠪᠠᠶᠢᠬ᠎ᠠ ᠭᠡᠵᠦ ᠪᠢ ᠰᠡᠵᠢᠭᠯᠡᠵᠦ ᠪᠠᠶᠢᠨ᠎ᠠ︾ ᠭᠡᠬᠦ ᠮᠡᠳᠦ ᠪᠠᠷ ᠬᠡᠷᠡᠭ ᠮᠡᠳᠡᠭᠦᠯᠦᠭᠰᠡᠨ ᠣᠯᠠᠨ ᠨᠠᠰᠤᠲᠠᠨ ᠤ ᠢᠷᠡᠬᠦᠯᠦᠭᠰᠡᠨ | ᠤᠳᠠᠰᠤ ᠶᠢ 2023 ᠣᠨ ᠤ 2 ᠰᠠᠷ᠎ᠠ ᠳᠤ ᠵᠢᠶᠠᠩᠰᠦ ᠮᠣᠵᠢ ᠶᠢᠨ ᠴᠠᠩᠵᠸᠦ ᠬᠤᠲᠠ ᠶᠢᠨ ᠲᠠᠨ ᠲᠤᠭᠤᠷᠢᠭ ᠤᠨ ᠴᠠᠬᠳᠠᠭᠠᠨ ᠲᠠᠯ᠎ᠠ ᠶᠢᠨ ᠬᠢᠨ ᠲᠤᠰᠴᠠᠢ᠃ ᠲᠡᠭᠡᠭᠡᠳ | ᠴᠠᠭᠳᠠᠭᠠᠨ ᠤ ᠲᠠᠯ᠎ᠠ ᠶᠢᠨ ᠬᠢᠨ ᠭᠠᠷ ᠤᠲᠠᠰᠤᠨ ᠠᠴᠠ ︽ᠰᠠᠭᠤᠯᠭᠠᠨ ᠠᠪᠤᠬᠰᠠᠨ ᠠᠦ᠋ᠲ᠋ᠣ᠋ ᠰᠦᠢᠳᠭᠡᠯ︾ ᠤᠨ ᠲᠤᠭ᠎ᠠ ᠪᠠᠷᠢᠮᠲᠠ ᠶᠢ ᠵᠠᠳᠠᠯᠤᠨ ᠨᠡᠬᠡᠮᠵᠢᠯᠡᠬᠦ ᠪᠠᠷ ᠳᠠᠮᠵᠢᠨ᠂ | ᠡᠳᠡᠭᠡᠷ ᠭᠠᠷ ᠤᠲᠠᠰᠤᠨ ᠤ ᠰᠦᠯᠵᠢᠶᠡᠨ ᠲᠤᠭ᠎ᠠ ᠪᠠᠷᠢᠮᠲᠠ ᠨᠢ ᠪᠦᠷ ᠱᠧᠨᠵᠧᠨ ᠳᠤ ᠭᠠᠷᠭᠠᠭᠰᠠᠨ ᠦᠢᠯᠡᠴᠢᠯᠡᠭᠦᠷ ᠲᠠᠢ ᠬᠠᠮᠢᠶᠠᠳᠠᠢ ᠪᠦᠭᠡᠳ ᠡᠳᠡᠭᠡᠷ ᠨᠠᠰᠤᠳᠠᠢ ᠬᠦᠮᠦᠨ ᠤ | ᠭᠡᠷᠡᠭᠯᠡᠳᠡᠭ ᠭᠠᠷ ᠤᠳᠠᠰᠤ ᠶᠢ ᠡᠨᠡ ᠦᠢᠯᠡᠴᠢᠯᠡᠭᠦᠷ ᠠᠯᠤᠰ ᠠᠴᠠ ᠡᠷᠭᠡᠰᠢᠶᠡᠭᠰᠡᠨ ᠠᠴᠠ ᠪᠤᠯᠵᠤ ︽ᠠᠦ᠋ᠲ᠋ᠣ᠋ ᠵᠠᠬᠢᠶᠠᠯᠠᠭ᠎ᠠ︾ ᠶᠢᠨ ᠥᠷᠲᠡᠭ ᠨᠡᠮᠡᠭᠳᠡᠯ ᠤᠨ ᠲᠤᠬᠠᠢᠯᠠᠭᠰᠠᠨ ᠠᠵᠢᠯ | ᠪᠤᠢ ᠪᠤᠯᠵᠤ ᠪᠠᠶᠢᠬᠤ ᠶᠢ ᠤᠯᠵᠤ ᠮᠡᠳᠡᠵᠡᠢ᠃ ᠪᠠᠰᠠ ᠪᠠᠶᠢᠴᠠᠭᠠᠯᠲᠠ ᠬᠢᠬᠦ ᠪᠠᠷ ᠲᠠᠮᠵᠢᠭᠠᠳ᠂ ᠪᠥᠬᠦ ᠤᠯᠤᠰ ᠲᠤ 98 ᠲᠦᠮᠡᠨ ᠭᠠᠷ ᠤᠲᠠᠰᠤ ᠳᠤ ᠭᠠᠷ ᠤᠳᠠᠰᠤᠨ ᠤ ᠡᠵᠡᠨ | ᠪᠢᠰᠢ ᠪᠠᠶᠢᠳᠠᠯ᠎ᠠ ᠥᠷᠲᠡᠭ ᠨᠡᠮᠡᠭᠳᠡᠯ ᠤᠨ ᠲᠤᠬᠠᠶᠢᠯᠠᠭᠰᠠᠨ ᠠᠵᠢᠯ ᠤᠨ ᠵᠠᠬᠢᠶᠠᠯᠠᠭ᠎ᠠ ᠪᠤᠢ ᠪᠤᠯᠤᠬᠰᠠᠨ ᠪᠠᠶᠢᠳᠠᠯ ᠤᠷᠤᠰᠢᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ | ᠲᠤᠭ᠎ᠠ ᠨᠢ 347 ᠲᠦᠮᠡᠨ ᠲᠥᠭᠦᠷᠢᠭ ᠲᠤ ᠬᠦᠷᠦᠭᠰᠡᠨ ᠢ ᠤᠯᠵᠤ ᠮᠡᠳᠡᠵᠡᠢ᠃ ᠴᠠᠭᠳᠠᠭ᠎ᠠ ᠶᠢᠨ ᠲᠠᠯ᠎ᠠ ᠶᠢᠨ ᠬᠢᠨ ᠪᠠᠷᠢᠨ ᠲᠤᠤᠷ᠎ᠠ ᠪᠠᠨ ᠱᠧᠨᠵᠧᠨ ᠳᠤ ᠬᠦᠷᠴᠦ ᠦᠢᠯᠡᠴᠢᠯᠡᠭᠦᠷ ᠢ | ᠡᠷᠭᠡᠰᠢᠶᠡᠵᠦ ᠪᠠᠶᠢᠬᠰᠠᠨ ᠵᠠᠩ ᠸᠧᠶ ᠱᠧᠩ ᠢ ᠪᠠᠷᠢᠵᠤ ᠠᠪᠤᠭᠰᠠᠨ ᠪᠥᠭᠡᠳ ᠲᠡᠷᠡ ᠳᠠᠷᠤᠶ ᠳᠤᠨᠢ ᠦᠢᠯᠡᠴᠢᠯᠡᠭᠦᠷ ᠤᠨ ᠲᠤᠭ᠎ᠠ ᠪᠠᠷᠢᠮᠲᠠ ᠶᠢ ᠭᠠᠷᠭᠠᠨ ᠠᠪᠴᠤ᠂ ᠦᠢᠯᠡᠴᠢᠯᠡᠭᠦᠷ ᠢ | ᠬᠠᠭᠠᠪᠠ᠃ 40 ᠨᠠᠰᠤᠲᠠᠢ ᠵᠠᠩ ᠸᠧᠢ ᠱᠧᠩ ᠪᠣᠯ ᠭᠤᠸᠠᠩᠳᠦ᠋ᠩ ᠤᠨ ᠴᠤᠤ ᠶᠠᠩ ᠤᠨ ᠬᠥᠮᠦᠨ ᠶᠤᠮ᠂ ᠤᠤᠯ ᠨᠢ ᠲᠡᠷᠡ ᠭᠠᠷ ᠤᠲᠠᠰᠤᠨ ᠤ ᠥᠷᠲᠡᠭ ᠨᠡᠮᠡᠭᠳᠡᠯ ᠤᠨ | ᠦᠢᠯᠡᠴᠢᠯᠡᠭᠡ ᠣᠷᠣᠯᠠᠬᠤ ᠲᠤᠬᠠᠶᠢᠯᠠᠬᠰᠠᠨ ᠠᠵᠢᠯ ᠢ ᠬᠢᠵᠦ ᠪᠠᠶᠢᠵᠠᠢ᠃ 2018 ᠣᠨ ᠳᠤ᠂ ᠲᠡᠷᠡ ᠰᠦᠯᠵᠢᠶᠡᠨ ᠳᠡᠭᠡᠷ᠎ᠡ ᠠᠴᠠ ᠭᠠᠷ ᠤᠲᠠᠰᠤᠨ ᠤ ᠥᠷᠲᠡᠭ ᠨᠡᠮᠡᠭᠳᠡᠯ ᠤᠨ | ᠨᠢᠭᠡ ᠦᠢᠯᠡᠴᠢᠯᠡᠭᠡᠨ ᠤ ᠺᠣᠳ᠋ ᠬᠤᠳᠠᠯᠳᠤᠨ ᠠᠪᠴᠠᠢ᠃ ︽ᠡᠨᠡ ᠺᠣᠳ᠋ ᠨᠢ ᠴᠢᠳᠠᠮᠵᠢ ᠶᠢᠨ ᠮᠠᠰᠢᠨ ᠤ ᠲᠣᠭᠯᠠᠭᠠᠮ ᠢᠶᠠᠷ ᠳᠠᠮᠵᠢᠨ ᠪᠡᠯᠡᠨ ᠵᠤᠭᠤᠰ ᠪᠤᠯᠭᠠᠨ ᠠᠪᠴᠤ ᠪᠤᠯᠳᠠᠭ᠂ | ᠶᠠᠭ ︽ᠬᠠᠶᠢᠷᠴᠠᠭ ᠲᠦᠯᠬᠢᠬᠦ︾᠂ ︽ᠬᠤᠪᠳᠤᠭ ᠮᠤᠭᠠᠢ︾ ᠭᠡᠬᠦ ᠮᠡᠳᠦ ᠶᠢᠨ ᠵᠢᠵᠢᠭ ᠲᠣᠭᠯᠠᠭᠠᠮ ᠰᠢᠭ᠋ ᠵᠣᠬᠢᠬᠤ ᠪᠣᠭᠤᠮᠲᠠ ᠳᠤ ᠬᠦᠷᠦᠭᠰᠡᠨ ᠤ ᠳᠠᠷᠠᠭ᠎ᠠ᠂ ᠬᠡᠷᠡᠭᠯᠡᠭᠴᠢ | ᠠᠷᠤ ᠶᠢᠨ ᠪᠣᠭᠤᠮᠲᠠ ᠶᠢᠨ ᠶᠠᠭᠤᠮᠠᠰ ᠢ ᠬᠤᠳᠠᠯᠳᠤᠨ ᠠᠪᠤᠭᠰᠠᠨ ᠤ ᠬᠤᠶᠢᠨ᠎ᠡ ᠰᠠᠶ᠋ᠢ ᠦᠷᠭᠦᠯᠵᠢᠯᠡᠨ ᠨᠠᠭᠠᠳᠴᠤ ᠲᠡᠶᠢᠯᠳᠡᠭ᠃ ᠡᠭᠦᠨ ᠠᠴᠠ ᠪᠢ ᠡᠨᠡ ᠬᠦ ᠺᠣᠳ᠋ ᠶᠢ ᠴᠢᠳᠠᠮᠵᠢ ᠶᠢᠨ | ᠮᠠᠰᠢᠨ ᠳᠤ ᠣᠷᠣᠭᠤᠯᠵᠤ᠂ ᠳᠠᠬᠢᠨ ᠦᠢᠯᠡᠴᠢᠯᠡᠭᠦᠷ ᠢᠶᠠᠷ ᠳᠠᠮᠵᠢᠨ ᠠᠯᠤᠰ ᠠᠴᠠ ᠵᠠᠷᠯᠢᠭ ᠪᠠᠭᠤᠯᠭᠠᠪᠠᠯ ᠬᠡᠷᠡᠭᠯᠡᠭᠴᠢ ᠵᠦᠪᠰᠢᠶᠡᠷᠡᠨ ᠨᠤᠳᠠᠯᠠᠬᠤ ᠴᠢᠬᠤᠯᠠ ᠦᠭᠡᠢ ᠪᠠᠷ | ᠬᠡᠷᠡᠭᠯᠡᠭᠴᠢ ᠶᠢᠨ ᠭᠠᠷ ᠤᠲᠠᠰᠤᠨ ᠤ ᠰᠦᠢᠳᠭᠡᠯ ᠢ ᠬᠤᠯᠠᠭᠠᠶᠢᠯᠠᠨ ᠠᠪᠴᠤ ᠪᠤᠯᠤᠨ᠎ᠠ᠂ ᠡᠨᠡ ᠪᠣᠯ ᠵᠣᠭᠤᠰ ᠣᠯᠬᠤ ᠠᠰᠢᠬᠳᠠᠢ ᠲᠣᠬᠢᠶᠠᠯ ᠮᠥᠨ ᠭᠡᠳᠡᠭ ᠢ ᠪᠢ ᠣᠯᠵᠤ ᠮᠡᠳᠡᠵᠡᠢ︾ | ᠭᠡᠵᠦ ᠵᠠᠩ ᠸᠧᠶ ᠱᠧᠩ ᠥᠴᠢᠭᠯᠡᠵᠡᠢ᠃ ᠵᠠᠩ ᠸᠧᠢ ᠱᠧᠩ ᠤᠨ ᠬᠡᠯᠡᠵᠦ ᠪᠠᠶᠢᠭ᠎ᠠ ᠴᠢᠳᠠᠮᠵᠢᠲᠤ ᠭᠠᠷ ᠤᠳᠠᠰᠤ ᠶᠢ ᠵᠠᠬ᠎ᠠ ᠳᠡᠯᠭᠡᠭᠦᠷ ᠳᠡᠭᠡᠷ᠎ᠡ ᠭᠤᠣᠯᠳᠠᠭᠤ ᠨᠠᠰᠤᠳᠠᠶᠢᠴᠤᠳ | ᠬᠡᠷᠡᠭᠯᠡᠵᠦ ᠪᠠᠶᠢᠨ᠎ᠠ᠂ ᠡᠶᠢᠮᠦᠷᠬᠦᠦ ᠭᠠᠷ ᠤᠲᠠᠰᠤᠨ ᠤ ᠳᠡᠯᠭᠡᠴᠡ ᠪᠠ ᠦᠰᠦᠭ ᠨᠢ ᠶᠡᠭᠡ ᠪᠤᠯᠬᠤᠷ ᠨᠠᠰᠤᠳᠠᠶᠢᠴᠤᠳ ᠲᠤ ᠶᠡᠭᠡᠳᠡ ᠬᠦᠷᠢᠶᠡᠯᠡᠭᠳᠡᠵᠦ᠂ ︽ᠨᠠᠰᠤᠳᠠᠢ ᠬᠦᠮᠦᠨ ᠤ | ᠭᠡᠷᠡᠭᠯᠡᠳᠡᠭ ᠭᠠᠷ ᠤᠳᠠᠰᠤ︾ ᠬᠡᠮᠡᠭᠳᠡᠵᠡᠢ᠃ ᠣᠶᠤᠨᠴᠢ ᠮᠠᠰᠢᠨ ᠲᠠᠢ ᠠᠳᠠᠯᠢ ᠦᠭᠡᠢ᠂ ᠨᠠᠰᠤᠳᠠᠢ ᠬᠦᠮᠦᠨ ᠤ ᠭᠡᠷᠡᠭᠯᠡᠳᠡᠭ ᠭᠠᠷ ᠤᠳᠠᠰᠤ ᠨᠢ ᠳᠥᠭᠦᠮ ᠳᠥᠲᠡ ᠬᠤᠶᠠᠷ ᠬᠡᠮᠵᠢᠯᠳᠦ | ᠺᠣᠳ᠋ ᠰᠢᠷᠪᠢᠵᠦ ᠲᠤᠭᠠᠴᠠᠭ᠎ᠠ ᠬᠢᠬᠦ ᠴᠢᠳᠠᠮᠵᠢ ᠦᠭᠡᠢ᠂ ᠵᠥᠪᠬᠡᠨ ᠣᠬᠤᠷ ᠮᠡᠳᠡᠭᠡ ᠪᠠᠷ ᠵᠠᠬᠢᠶᠠᠯᠠᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠭᠠᠴᠠᠭ᠎ᠠ ᠬᠢᠳᠡᠭ᠃ | ᠡᠶᠢᠮᠦ ᠠᠴᠠ᠂ ᠶᠠᠯᠠᠲᠤ ᠡᠲᠡᠭᠡᠳ ᠵᠠᠪᠰᠢᠬᠤ ᠲᠤᠬᠢᠶᠠᠯ ᠲᠠᠢ ᠪᠣᠯᠵᠠᠢ᠃ |