ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠡᠮᠦᠷᠯᠢᠭ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠵᠤ ᠠᠬᠤᠶᠢᠯᠠᠯ ᠤᠨ ᠣᠨᠴᠠᠭᠠᠶ ᠠᠵᠢᠯ ᠢ ᠰᠤᠭᠤᠴᠢᠨ ᠪᠠᠶᠢᠴᠠᠭᠠᠪᠠ
ᠨᠡᠶᠢᠲᠡᠯᠡᠭᠰᠡᠨ ᠴᠠᠭ᠄
2024/11/4
    11 ᠳ᠋ᠦ᠋ᠭᠡᠷ ᠰᠠᠷ᠎ᠠ ᠶᠢᠨ 1 ᠤ ᠡᠳᠦᠷ᠂ ᠪᠠᠶ᠋ᠬᠠᠤᠪᠤᠭ᠎ᠠ ᠠᠭᠤᠷᠬᠠᠢ ᠶᠢᠨ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠬᠢ ᠠᠴᠠ ᠲᠡᠮᠦᠷᠯᠢᠭ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠠᠷᠠᠯᠵᠢᠶᠠᠨ ᠤ ᠠᠵᠢᠯ ᠲᠦᠷᠦᠯ ᠤᠨ ᠠᠵᠤ ᠠᠬᠤᠶᠢᠯᠠᠯ ᠤᠨ ᠣᠨᠴᠠᠭᠠᠢ ᠠᠵᠢᠯ ᠢ ᠰᠤᠭᠤᠴᠢᠨ ᠪᠠᠶᠢᠴᠠᠭᠠᠪᠠ᠃
白云鄂博矿区应急管理综合行政执法大队对冶金等工贸行业企业的特殊作业进行抽查11.png
    ᠬᠠᠤᠯᠢ ᠬᠡᠷᠡᠭᠵᠢᠭᠦᠯᠬᠦ ᠠᠵᠢᠯᠲᠠᠨ ᠲᠡᠮᠦᠷᠯᠢᠭ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠳᠤ ᠭᠦᠨᠵᠡᠭᠡᠶᠢᠷᠡᠨ᠂ ᠠᠵᠤ ᠠᠬᠤᠶᠢᠯᠠᠯ ᠤᠨ ᠲᠤᠬᠠᠶ ᠶᠢᠨ ᠲᠠᠯᠠᠪᠠᠶ ᠶᠢᠨ ᠣᠨᠴᠠᠭᠠᠶ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ᠂ ᠠᠵᠢᠯ ᠤᠨ ᠪᠢᠯᠧᠲ ᠤᠨ ᠬᠠᠮᠢᠶᠠᠷᠤᠯᠲᠠ᠂ ᠠᠵᠢᠯ ᠤᠨ ᠬᠢᠨᠠᠨ ᠵᠥᠪᠰᠢᠶᠡᠷᠡᠯ᠂ ᠣᠨᠴᠠᠭᠠᠶ ᠠᠵᠢᠯᠯᠠᠭᠰᠠᠳ ᠤᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ᠂ ᠠᠵᠢᠯᠯᠠᠬᠤ ᠲᠤᠬᠠᠶ ᠶᠢᠨ ᠲᠠᠯᠠᠪᠠᠶ ᠶᠢᠨ ᠬᠢᠨᠠᠨ ᠬᠠᠮᠠᠭᠠᠯᠠᠯᠲᠠ᠂ ᠣᠨᠴᠠᠭᠠᠶ ᠠᠵᠢᠯᠯᠠᠭᠰᠠᠳ ᠤᠨ ᠬᠥᠮᠦᠵᠢᠯ ᠪᠣᠯᠪᠠᠰᠤᠷᠠᠯ ᠵᠡᠷᠭᠡ ᠲᠠᠯ᠎ᠠ ᠪᠠᠷ ᠪᠥᠬᠦ ᠲᠠᠯ᠎ᠠ ᠶᠢᠨ ᠪᠠᠶᠢᠴᠠᠭᠠᠯᠲᠠ ᠬᠢᠵᠡᠶ᠃
白云鄂博矿区应急管理综合行政执法大队对冶金等工贸行业企业的特殊作业进行抽查22.png
    ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠠᠵᠤ ᠠᠬᠤᠶᠢᠯᠠᠯ ᠢ ᠣᠨᠴᠠᠭᠠᠶ ᠠᠵᠢᠯ ᠨᠡᠯᠢᠶᠡᠳ ᠥᠨᠳᠥᠷ ᠠᠮᠤᠷ ᠲᠦᠪᠰᠢᠨ ᠤ ᠠᠶᠤᠯ ᠲᠦᠭᠰᠢᠭᠦᠷᠢ ᠲᠠᠢ ᠪᠣᠯᠬᠤᠷ ᠠᠵᠤ ᠠᠬᠤᠶᠢᠯᠠᠯ ᠤᠳ ᠠᠵᠢᠯ ᠤᠨ ᠨᠠᠷᠢᠨ ᠲᠣᠳᠣᠷᠬᠠᠶ ᠴᠤᠪᠤᠷᠠᠯ ᠢ ᠲᠣᠭᠲᠠᠭᠠᠵᠤ᠂ ᠬᠠᠷᠢᠭᠤᠴᠠᠯᠭᠠᠲᠠᠨ ᠢ ᠲᠣᠳᠣᠷᠬᠠᠶᠢᠯᠠᠨ᠂ ᠴᠢᠬᠤᠯᠠ ᠪᠥᠬᠦᠶ ᠠᠮᠤᠷ ᠲᠦᠪᠰᠢᠨ ᠤ ᠪᠡᠯᠡᠳᠬᠡᠮᠵᠢ ᠪᠠ ᠪᠠᠭᠠᠵᠢ ᠵᠡᠷᠭᠡ ᠶᠢ ᠳᠣᠭᠢᠷᠠᠭᠤᠯᠬᠤ ᠬᠡᠷᠡᠭᠲᠡᠶ᠃ ᠲᠤᠬᠠᠶ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯᠯᠠᠵᠤ ᠪᠠᠶᠢᠭ᠎ᠠ ᠠᠵᠢᠯᠲᠠᠳ ᠤᠨ ᠠᠮᠤᠷ ᠲᠦᠪᠰᠢᠨ ᠤ ᠲᠣᠭᠲᠠᠭᠠᠯ ᠢ ᠴᠢᠩᠭ᠎ᠠ ᠵᠢᠷᠤᠮᠯᠠᠬᠤ ᠶᠢ ᠦᠨᠡᠨ ᠬᠦ ᠪᠠᠲᠤᠯᠠᠵᠤ᠂ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠠᠵᠤ ᠠᠬᠤᠶᠢᠯᠠᠯ ᠳᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠬᠡᠷᠡᠭᠲᠡᠢ᠃ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠵᠢᠯᠯᠠᠵᠤ ᠪᠠᠶᠢᠭ᠎ᠠ ᠬᠥᠮᠦᠰ ᠤᠨ ᠠᠶᠤᠯ ᠦᠭᠡᠢ ᠦᠢᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠵᠦ᠂ ᠠᠳᠡᠯ ᠤᠨ ᠭᠡᠮ ᠰᠣᠭᠤᠭ ᠢ ᠦᠨᠳᠦᠰᠦᠨ ᠠᠴᠠ ᠨᠢ ᠬᠦᠴᠦᠯᠡᠨ ᠠᠷᠢᠯᠭᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠥᠪᠰᠠᠶᠢᠨ ᠢᠶᠠᠨ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠲᠣᠭᠲᠠᠭᠤᠨ ᠢᠶᠠᠷ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠰᠠᠨᠠᠭᠤᠯᠪᠠ  ᠃ 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ