﹇ᠦᠨᠳᠦᠰᠦᠨ ᠱᠠᠲᠤᠨ ᠤ ᠪᠠᠶᠢᠳᠠᠯ﹈ ᠥᠪᠥᠷ ᠮᠣᠩᠭᠤᠯ ᠤᠨ ᠣᠪᠣᠭ᠎ᠠ ᠣᠶᠤᠨᠲᠤ ᠦᠢᠯᠡᠳᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠣᠳ ᠪᠣᠯᠪᠠᠰᠤᠷᠠᠭᠤᠯᠬᠤ ᠠᠵᠢᠯ ᠤᠨ ᠲᠤᠰᠬᠠᠶ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/11/5
    ᠥᠪᠥᠷ ᠮᠣᠩᠭᠤᠯ ᠤᠨ ᠣᠪᠣᠭ᠎ᠠ ᠣᠶᠤᠨᠲᠤ ᠦᠢᠯᠡᠳᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠪᠤᠭᠤᠲᠤ ᠶᠢᠨ ᠪᠣᠯᠣᠳ ᠲᠡᠮᠦᠷ ᠤᠨ ᠬᠤᠪᠢ ᠣᠷᠣᠭᠤᠯᠤᠭᠰᠠᠨ ᠠᠮᠤᠷ ᠲᠥᠪᠰᠢᠨ ᠤ ᠬᠠᠮᠢᠶᠠᠷᠤᠯᠲᠠ ᠶᠢᠨ ᠬᠡᠯᠲᠡᠰ ᠤᠨ ᠲᠤᠰᠬᠠᠢ ᠮᠡᠷᠭᠡᠵᠢᠯ ᠤᠨ ᠠᠵᠢᠯᠲᠠᠨ ᠢ ᠤᠷᠢᠵᠤ ᠳᠤᠮᠳᠠ ᠳᠠᠪᠲᠠᠮᠵᠢ ᠶᠢᠨ ᠵᠤᠤᠬ᠎ᠠ ᠶᠢᠨ ᠪᠣᠯᠣᠳ ᠪᠣᠯᠪᠠᠰᠤᠷᠠᠭᠤᠯᠬᠤ ᠠᠵᠢᠯ ᠵᠢᠴᠢ ᠳᠠᠯᠳᠠ ᠭᠡᠮ ᠢ ᠵᠢᠭᠰᠠᠭᠠᠨ ᠪᠠᠶᠢᠴᠠᠭᠠᠬᠤ ᠲᠤᠰᠬᠠᠢ ᠪᠣᠯᠪᠠᠰᠤᠷᠠᠯ ᠥᠷᠨᠢᠭᠦᠯᠪᠡ᠃ ᠺᠣᠮᠫᠠᠨᠢ ᠶᠢᠨ ᠣᠷᠣᠨ ᠪᠦᠰᠡ ᠶᠢᠨ ᠮᠡᠷᠭᠡᠵᠢᠯ ᠤᠨ ᠭᠤᠤᠯᠯᠠᠨ ᠬᠠᠮᠢᠶᠠᠷᠬᠤ᠂ ᠠᠮᠤᠷ ᠢ ᠬᠠᠮᠠᠭᠠᠯᠠᠬᠤ ᠳᠤᠭᠤᠶᠢᠯᠠᠩ᠂ ᠮᠡᠷᠭᠡᠵᠢᠯ ᠤᠨ ᠳᠤᠭᠤᠶᠢᠯᠠᠩ ᠤᠨ ᠬᠠᠮᠢᠶ᠎ᠠ ᠪᠥᠬᠦᠶ ᠠᠵᠢᠯᠲᠠᠨ ᠵᠢᠴᠢ ᠠᠵᠢᠯ ᠤᠨ ᠬᠡᠰᠡᠭ ᠤᠨ ᠪᠥᠬᠦ ᠠᠵᠢᠯᠲᠠᠨ ᠪᠣᠯᠪᠠᠰᠤᠷᠠᠯ ᠳᠤ ᠣᠷᠣᠯᠴᠠᠪᠠ᠃
【基层动态】内蒙古鄂博智造科技有限公司开展炼钢作业专项培训.jpg
    ᠰᠤᠷᠤᠯᠭ᠎ᠠ ᠡᠬᠢᠯᠡᠬᠦ ᠠᠴᠠ ᠡᠮᠦᠨ᠎ᠡ᠂ ᠺᠣᠮᠫᠠᠨᠢ ᠶᠢᠨ ᠳᠠᠭᠠᠭᠠᠮᠠᠯ ᠯᠢ ᠱᠣ᠋ ᠮᠢᠩ ᠲᠣᠰ ᠤᠳᠠᠭᠠᠨ ᠤ ᠪᠣᠯᠪᠠᠰᠤᠷᠠᠯ ᠳᠤ ᠠᠩᠭᠢ ᠡᠬᠢᠯᠡᠬᠦ ᠳᠠᠶᠢᠴᠢᠯᠠᠯᠲᠠ ᠬᠢᠪᠡ᠃ ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠳᠤ ︽ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾᠂ ︽ᠪᠣᠯᠣᠳ ᠪᠣᠯᠪᠠᠰᠤᠷᠠᠭᠤᠯᠬᠤ ᠠᠮᠤᠷ ᠲᠦᠪᠰᠢᠨ ᠤ ᠲᠦᠷᠢᠮ︾᠂ ︽ᠥᠨᠳᠥᠷ ᠬᠠᠯᠠᠭᠤᠨ ᠳᠤ ᠬᠠᠶᠢᠯᠵᠤ ᠲᠡᠮᠦᠷᠯᠢᠭ ᠪᠣᠭᠤᠵᠤ ᠲᠡᠭᠡᠭᠡᠪᠦᠷᠢᠯᠡᠬᠦ ᠲᠦᠷᠢᠮ︾ ᠵᠡᠷᠭᠡ ᠲᠠᠯ᠎ᠠ ᠶᠢ ᠪᠠᠭᠲᠠᠭᠠᠨ᠎ᠠ᠃ ᠬᠢᠴᠢᠶᠡᠯᠯᠡᠬᠦ ᠪᠠᠭᠰᠢ ᠠᠵᠢᠯ ᠤᠨ ᠲᠤᠬᠠᠶ ᠶᠢᠨ ᠲᠠᠯᠠᠪᠠᠶ ᠶᠢᠨ ᠪᠣᠳᠠᠲᠤ ᠪᠠᠶᠢᠳᠠᠯ ᠳᠤ ᠴᠢᠭᠯᠡᠭᠦᠯᠦᠨ᠂ ᠪᠣᠯᠣᠳ ᠪᠣᠯᠪᠠᠰᠤᠷᠠᠭᠤᠯᠬᠤ ᠠᠵᠢᠯ ᠤᠨ ᠠᠶᠤᠯᠲᠠᠶ ᠬᠦᠴᠦᠨ ᠵᠦᠢᠯ ᠵᠢᠴᠢ ᠣᠷᠣᠰᠢᠵᠤ ᠮᠡᠳᠡᠬᠦ ᠠᠶᠤᠯ ᠤᠨ ᠡᠬᠢ ᠰᠤᠷᠪᠤᠯᠵᠢ ᠶᠢ ᠨᠠᠷᠢᠨ ᠲᠠᠶᠢᠯᠪᠤᠷᠢᠯᠠᠵᠤ᠂ ᠰᠣᠷᠣᠭᠴᠢ ᠨᠢᠭᠡᠪᠦᠷᠢ ᠶᠢᠨ ᠪᠣᠯᠪᠠᠰᠤᠷᠠᠯ ᠤᠨ ᠣᠯᠤᠯᠲᠠ ᠲᠠᠢ ᠪᠠᠶᠢᠬᠤ ᠶᠢ ᠦᠨᠡᠨ ᠬᠦ ᠪᠠᠲᠤᠯᠠᠪᠠ᠃
【基层动态】内蒙古鄂博智造科技有限公司开展炼钢作业专项培训22.jpg
    ᠲᠣᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠦᠭᠰᠡᠨ ᠨᠢ ᠪᠥᠬᠦ ᠠᠵᠢᠯᠲᠠᠨ ᠠᠵᠢᠯᠴᠢᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠠᠵᠢᠯᠲᠠᠨ ᠠᠵᠢᠯᠴᠢᠨ ᠤ ᠠᠵᠢᠯ ᠤᠨ ᠠᠶᠤᠯᠲᠠᠶ ᠬᠦᠴᠦᠨ ᠵᠦᠢᠯ ᠤᠨ ᠲᠤᠬᠠᠶ ᠲᠠᠨᠢᠯᠲᠠ ᠶᠢ ᠨᠡᠮᠡᠭᠳᠡᠭᠦᠯᠦᠨ᠂ ᠺᠣᠮᠫᠠᠨᠢ ᠶᠢᠨ ᠠᠵᠢᠯ ᠤᠨ ᠪᠠᠷᠢᠮᠵᠢᠶᠠᠵᠢᠭᠤᠯᠤᠯᠲᠠ ᠪᠠ ᠵᠢᠷᠤᠮᠵᠢᠭᠤᠯᠤᠯᠲᠠ ᠶᠢᠨ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠡᠶ᠎ᠡ ᠵᠣᠬᠢᠴᠠᠯ ᠲᠠᠢ ᠠᠵᠢᠯ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 
ᠢᠷᠡᠯᠲᠡ᠄ ᠪᠠᠶ᠋ᠬᠠᠣᠪᠤᠭ᠎ᠠ ᠲᠡᠮᠦᠷ ᠤᠨ ᠠᠭᠤᠷᠬᠠᠢ