ᠰᠤᠷᠪᠤᠯᠵᠢᠯᠠᠭᠴᠢ ᠪᠤᠭᠤᠲᠤ ᠶᠢᠨ ᠬᠤᠪᠣᠷ ᠰᠢᠷᠣᠶ ᠶᠢᠨ ᠦᠢᠯᠡᠳᠭᠦᠨ ᠤ ᠠᠷᠠᠯᠵᠢᠶᠠᠨ ᠤ ᠭᠠᠵᠠᠷ ︵ᠳᠥᠭᠦᠮᠴᠢᠯᠡᠭᠡᠳ ᠬᠤᠪᠣᠷ ᠰᠢᠷᠣᠶ ᠶᠢᠨ ᠠᠷᠠᠯᠵᠢᠶᠠᠨ ᠤ ᠭᠠᠵᠠᠷ ᠭᠡᠳᠡᠭ︶ | ᠠᠴᠠ ᠣᠶᠢᠯᠠᠭᠠᠭᠰᠠᠨ ᠢᠶᠠᠷ᠂ 10 ᠰᠠᠷ᠎ᠠ ᠶᠢᠨ ᠰᠡᠭᠦᠯᠴᠢ ᠪᠣᠯᠲᠠᠯ᠎ᠠ᠂ ᠲᠣᠰ ᠭᠠᠵᠠᠷ ᠤᠨ ᠰᠦᠯᠵᠢᠶᠡᠨ ᠳᠡᠭᠡᠷᠡᠬᠢ ᠠᠷᠠᠯᠵᠢᠶᠠᠨ ᠤ ᠬᠡᠮᠵᠢᠶ᠎ᠡ ᠨᠡᠶᠢᠲᠡ 10.24 ᠲᠦᠮᠡᠨ ᠲᠣᠨ ᠳᠤ | ᠬᠦᠷᠴᠦ᠂ ᠠᠷᠠᠯᠵᠢᠶᠠᠨ ᠤ ᠲᠤᠭ᠎ᠠ 116.35 ᠳ᠋ᠦᠩᠰᠢᠭᠤᠷ ᠲᠥᠭᠦᠷᠢᠭ ᠲᠤ ᠬᠦᠷᠴᠡᠶ︔ ᠦᠢᠯᠡᠳᠬᠦᠨ ᠤ ᠠᠷᠠᠯᠵᠢᠶᠠᠨ ᠤ ᠲᠥᠷᠥᠯ ᠵᠦᠢᠯ ᠨᠢᠳᠤᠨᠤᠨ ᠤ ᠬᠢ ᠠᠴᠠ 22 | ᠨᠡᠮᠡᠭᠳᠡᠵᠦ᠂ ᠲᠠᠪᠴᠠᠩ ᠤᠨ ᠳᠠᠩᠰᠠᠯᠠᠭᠤᠯᠤᠭᠰᠠᠨ ᠠᠵᠤ ᠠᠬᠤᠶᠢᠯᠠᠯ 987 ᠡᠷᠦᠬᠡ ᠪᠣᠯᠵᠠᠶ᠃ | ᠣᠶᠢᠯᠠᠭᠠᠭᠰᠠᠨ ᠢᠶᠠᠷ᠂ ᠬᠤᠪᠣᠷ ᠰᠢᠷᠤᠢ ᠶᠢᠨ ᠠᠵᠢᠯ ᠲᠥᠷᠥᠯ ᠤᠨ ᠳᠣᠲᠤᠷ᠎ᠠ ᠪᠠᠶᠢᠭᠤᠯᠤᠭᠳᠠᠭᠰᠠᠨ ᠢᠶᠠᠷ ᠬᠠᠮᠤᠭ ᠤᠨ ᠡᠷᠲᠡ᠂ ᠬᠦᠭᠵᠢᠯᠲᠡ ᠪᠠᠷ ᠬᠠᠮᠤᠭ ᠤᠨ ᠰᠠᠶᠢᠨ | ᠬᠤᠪᠣᠷ ᠰᠢᠷᠤᠢ ᠶᠢᠨ ᠦᠢᠯᠡᠳᠬᠦᠨ ᠤ ᠪᠡᠯᠡᠨ ᠪᠠᠷᠠᠭᠠᠨ ᠤ ᠠᠷᠠᠯᠵᠢᠶᠠᠨ ᠤ ᠲᠠᠯᠠᠪᠤᠷ ᠪᠣᠯᠤᠭᠰᠠᠨ ᠤ ᠬᠤᠪᠢ ᠳᠤ᠂ ᠪᠤᠭᠤᠲᠤ ᠶᠢᠨ ᠬᠤᠪᠣᠷ ᠰᠢᠷᠤᠢ ᠶᠢᠨ ᠠᠷᠠᠯᠵᠢᠶᠠᠨ ᠤ ᠭᠠᠵᠠᠷ ᠨᠢ | ᠣᠳᠣ ᠨᠢᠭᠡᠨᠲᠡ ︽ᠬᠤᠶᠠᠷ ᠬᠤᠪᠣᠷ ᠰᠢᠷᠤᠢ ᠶᠢᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠤᠯᠲᠠ ᠶᠢᠨ ᠴᠣᠩᠬᠤᠪᠴᠢ ᠶᠢᠨ ᠨᠢᠭᠡᠴᠢ ᠪᠣᠯᠤᠭᠰᠠᠨ ᠪᠠᠶᠢᠨ᠎ᠠ᠃ ᠣᠨᠴᠠᠭᠠᠶᠢᠯᠠᠨ | ᠨᠢᠳᠤᠨᠤᠨ ᠤ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠨᠡᠶᠢᠲᠡᠯᠡᠵᠦ᠂ ︽ᠪᠤᠭᠤᠲᠤ ᠶᠢᠨ ᠬᠤᠪᠣᠷ ᠰᠢᠷᠣᠶ ᠶᠢᠨ ᠦᠢᠯᠡᠳᠬᠦᠨ ᠤ ᠠᠷᠠᠯᠵᠢᠶᠠᠨ ᠤ | ᠭᠠᠵᠠᠷ ᠤᠨ ᠬᠠᠤᠯᠢ ᠲᠣᠭᠲᠠᠭᠠᠯ ᠳᠤ ᠨᠡᠶᠢᠴᠡᠭᠦᠯᠦᠨ ᠪᠥᠬᠦ ᠤᠯᠤᠰ ᠲᠤ ᠬᠠᠨᠳᠤᠭᠤᠯᠤᠭᠰᠠᠨ ᠬᠤᠪᠣᠷ ᠰᠢᠷᠣᠶ ᠶᠢᠨ ᠦᠢᠯᠡᠳᠭᠦᠨ ᠤ ᠠᠷᠠᠯᠵᠢᠶᠠᠨ ᠤ ᠲᠥᠪ ᠢ ᠪᠠᠶᠢᠭᠤᠯᠬᠤ ᠶᠢ | ᠳᠡᠮᠵᠢᠬᠦ︾ ᠭᠡᠵᠦ ᠲᠣᠳᠣᠷᠬᠠᠶ ᠳᠤᠷᠠᠳᠤᠭᠰᠠᠨ ᠠᠴᠠ ᠨᠠᠭᠠᠰᠢ᠂ ᠪᠤᠭᠤᠲᠤ ᠶᠢᠨ ᠬᠤᠪᠣᠷ ᠰᠢᠷᠣᠶ ᠶᠢᠨ ᠦᠢᠯᠡᠳᠬᠦᠨ ᠤ ᠠᠷᠠᠯᠵᠢᠶᠠᠨ ᠤ ᠭᠠᠵᠠᠷ ᠤᠨ ᠳᠠᠩᠰᠠᠯᠠᠭᠤᠯᠤᠭᠰᠠᠨ ᠠᠵᠤ | ᠠᠬᠤᠶᠢᠯᠠᠯ 987 ᠪᠣᠯᠵᠣ᠂ ᠬᠤᠪᠣᠷ ᠰᠢᠷᠣᠶ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠬᠠᠮᠤᠷᠴᠤ᠂ ᠪᠥᠬᠦ ᠤᠯᠤᠰ ᠤᠨ 26 ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠳᠤ ᠲᠠᠷᠬᠠᠵᠤ᠂ ᠠᠵᠤ ᠠᠬᠤᠶᠢᠯᠠᠯ ᠨᠢᠭᠡᠨᠲᠡ ᠬᠡᠪᠴᠢᠶᠡᠵᠢᠪᠡ᠃ | ᠪᠣᠭᠤᠲᠤ ᠶᠢᠨ ᠬᠤᠪᠣᠷ ᠰᠢᠷᠣᠶ ᠶᠢᠨ ᠠᠷᠠᠯᠵᠢᠶᠠᠨ ᠤ ᠭᠠᠵᠠᠷ ᠤᠨ ᠬᠡᠷᠡᠭ ᠮᠡᠳᠡᠭᠴᠢᠳ ᠤᠨ ᠳᠠᠷᠤᠭ᠎ᠠ ᠴᠠᠩ ᠭᠦᠸᠧ ᠰᠢᠩ ᠤᠨ ᠲᠠᠨᠢᠯᠴᠠᠭᠤᠯᠤᠭᠰᠠᠨ ᠢᠶᠠᠷ᠂ ᠣᠳᠣᠬᠠᠨ ᠳᠤ | ᠮᠢᠩᠭ᠎ᠠ ᠰᠢᠬᠠᠮ ᠳᠠᠩᠰᠠᠯᠠᠭᠤᠯᠤᠭᠰᠠᠨ ᠠᠵᠤ ᠠᠬᠤᠶᠢᠯᠠᠯ ᠡᠯ᠎ᠡ ᠬᠦᠷᠢᠶ᠎ᠡ ᠶᠢ ᠬᠠᠮᠤᠷᠴᠤ᠂ ᠬᠤᠪᠣᠷ ᠰᠢᠷᠣᠶ ᠶᠢᠨ ᠠᠷᠠᠯᠵᠢᠶᠠᠨ ᠤ ᠭᠠᠵᠠᠷ ᠠᠷᠠᠯᠵᠢᠶᠠᠨ ᠤ ᠦᠢᠯᠡᠴᠢᠯᠡᠭᠡ ᠪᠠᠨ | ᠦᠷᠭᠦᠯᠵᠢᠯᠡᠨ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠪᠠᠷᠠᠭᠠᠯᠠᠵᠤ᠂ ᠠᠵᠢᠯ ᠲᠥᠷᠥᠯ ᠤᠨ ᠶᠠᠷᠢᠶᠠᠨ ᠤ ᠲᠠᠪᠴᠠᠩ ᠪᠠ ᠡᠯ᠎ᠡ ᠲᠥᠷᠥᠯ ᠤᠨ ᠦᠵᠡᠰᠬᠦᠯᠡᠩ ᠤᠨ | ᠴᠤᠭᠯᠠᠭᠠᠨ ᠳᠤ ᠣᠷᠣᠯᠴᠠᠬᠤ ᠪᠠᠷ ᠳᠠᠮᠵᠢᠭᠤᠯᠤᠨ᠂ ︽ᠨᠠᠶᠢᠵᠠ ᠶᠢᠨ ᠲᠣᠭᠤᠷᠢᠭ︾ ᠢᠶᠠᠨ ᠲᠠᠰᠤᠷᠠᠯᠲᠠ ᠥᠬᠡᠶ ᠥᠷᠭᠡᠳᠬᠡᠵᠦ᠂ ᠲᠠᠪᠴᠠᠩ ᠤᠨ ᠬᠤᠳᠠᠯᠳᠤᠭᠴᠢ ᠶᠢᠨ ᠠᠵᠤ | ᠠᠬᠤᠶᠢᠯᠠᠯ ᠢ ᠡᠨᠡ ᠵᠢᠯ ᠤᠨ ᠡᠬᠢᠨ ᠤ 1 ᠠᠵᠤ ᠠᠬᠤᠶᠢᠯᠠᠯ ᠪᠠᠶᠢᠭᠰᠠᠨ ᠠᠴᠠ 7 ᠪᠣᠯᠭᠠᠨ ᠥᠷᠭᠡᠳᠬᠡᠵᠦ᠂ 17 ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ | ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠤᠨ ᠳᠠᠩᠰᠠᠯᠠᠭᠤᠯᠬᠤ ᠶᠢ ᠲᠠᠲᠠᠭᠰᠠᠨ ᠪᠠᠶᠢᠨ᠎ᠠ᠃ ᠡᠨᠡ ᠵᠢᠯ ᠤᠨ 9 ᠳ᠋ᠦ᠋ᠭᠡᠷ ᠰᠠᠷ᠎ᠠ ᠳᠤ ᠪᠤᠭᠤᠲᠤ ᠶᠢᠨ ᠬᠤᠪᠣᠷ ᠰᠢᠷᠣᠶ ᠶᠢᠨ | ᠰᠤᠳᠤᠯᠭᠠᠨ ᠤ ᠬᠦᠷᠢᠶᠡᠯᠡᠩ ᠤᠨ ᠰᠤᠳᠤᠯᠤᠨ ᠨᠡᠭᠡᠭᠡᠭᠰᠡᠨ ᠬᠤᠪᠣᠷ ᠰᠢᠷᠣᠶ ᠶᠢᠨ ᠲᠣᠭᠲᠠᠪᠤᠷᠢᠲᠤ ᠡᠮ᠂ ᠬᠤᠪᠣᠷ ᠰᠢᠷᠣᠶ ᠶᠢᠨ ᠰᠢᠲᠠᠬᠤ ᠶᠢ ᠬᠤᠷᠢᠭᠯᠠᠬᠤ ᠡᠳ᠋ ᠵᠡᠷᠭᠡ 12 ᠵᠢᠵᠢᠭ | ᠲᠥᠷᠥᠯ ᠵᠦᠢᠯ ᠤᠨ ᠬᠤᠪᠣᠷ ᠰᠢᠷᠣᠶ ᠶᠢᠨ ᠬᠡᠷᠡᠭᠯᠡᠭᠡᠨ ᠤ ᠦᠢᠯᠡᠳᠬᠦᠨ ᠴᠦ ᠪᠤᠭᠤᠲᠤ ᠶᠢᠨ ᠬᠤᠪᠣᠷ ᠰᠢᠷᠣᠶ ᠶᠢᠨ ᠠᠷᠠᠯᠵᠢᠶᠠᠨ ᠤ ᠭᠠᠵᠠᠷ ᠲᠤ ᠰᠦᠯᠵᠢᠶᠡᠨ ᠳᠤ ᠭᠠᠷᠪᠠ᠃ | ︽ᠪᠤᠭᠤᠲᠤ ᠶᠢᠨ ᠬᠤᠪᠣᠷ ᠰᠢᠷᠣᠶ ᠶᠢᠨ ᠦᠢᠯᠡᠳᠭᠦᠨ ᠤ ᠠᠷᠠᠯᠵᠢᠶᠠᠨ ᠤ ᠭᠠᠵᠠᠷ ᠨᠢ ᠰᠤᠳᠤᠯᠤᠨ ᠨᠡᠭᠡᠭᠡᠬᠦ ᠦᠵᠦᠭᠦᠷ ᠪᠠ ᠬᠡᠷᠡᠭᠯᠡᠭᠡᠨ ᠤ ᠦᠵᠦᠭᠦᠷ ᠤᠨ ᠦᠵᠦᠭᠦᠷ ᠢ | ᠰᠠᠶᠢᠲᠤᠷ ᠬᠤᠯᠪᠣᠵᠤ᠂ ᠬᠥᠭᠦᠷᠭᠡ ᠬᠤᠯᠪᠣᠭᠠᠰᠤ ᠪᠣᠯᠵᠣ᠂ ᠬᠤᠪᠣᠷ ᠰᠢᠷᠣᠶ ᠶᠢᠨ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠰᠤᠳᠤᠯᠤᠨ ᠨᠡᠭᠡᠭᠡᠵᠦ ᠬᠡᠷᠡᠭᠯᠡᠬᠦ ᠳᠤ ᠬᠦᠴᠦᠨ | ᠨᠡᠮᠡᠷᠢᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ︿ᠬᠡᠷᠡᠭᠯᠡᠭᠡᠨ ᠤ ᠲᠠᠯᠠᠪᠤᠷ﹀ ᠲᠡᠶᠢᠰᠢ ᠲᠦᠷᠭᠡᠳᠬᠡᠵᠦ᠂ ᠡᠨᠡ ᠬᠦ ᠲᠠᠪᠴᠠᠩ ᠢ ᠬᠤᠪᠣᠷ ᠰᠢᠷᠣᠶ ᠶᠢᠨ | ᠦᠨ᠎ᠡ ᠲᠣᠭᠲᠠᠭᠠᠬᠤ ᠲᠥᠪ᠂ ᠬᠠᠩᠭᠠᠯᠭ᠎ᠠ ᠶᠢᠨ ᠬᠡᠯᠬᠢᠶ᠎ᠡ ᠶᠢᠨ ᠲᠥᠪ᠂ ᠪᠠᠯᠠ ᠲᠣᠬᠢᠷᠠᠭᠤᠯᠭ᠎ᠠ ᠶᠢᠨ ᠲᠥᠪ ᠪᠣᠯᠭᠠᠨ ᠴᠢᠷᠮᠠᠶᠢᠨ ᠪᠠᠶᠢᠭᠤᠯᠤᠨ᠎ᠠ ︾ ᠭᠡᠵᠦ ᠴᠠᠩ ᠭᠦᠸᠧ ᠰᠢᠩ | ᠬᠡᠯᠡᠪᠡ᠃ | |