ᠲᠣᠮᠣ ᠲᠥᠷᠥᠯ ᠵᠦᠢᠯ ᠢᠶᠠᠷ ᠬᠥᠲᠥᠯᠥᠨ ᠳᠠᠭᠠᠭᠤᠯᠵᠤ  ᠪᠦᠯᠦᠭᠯᠡᠯ ᠮᠠᠶ᠋ᠢᠭ ᠢᠶᠠᠷ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠲᠦᠯᠬᠢᠨ ᠠᠬᠢᠭᠤᠯᠬᠤ᠄ ᠰᠢᠨ᠎ᠡ ᠮᠠᠲ᠋ᠧᠷᠢᠶᠠᠯ ᠢᠶᠠᠷ ᠬᠤᠪᠣᠷ ᠰᠢᠷᠣᠶ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠳᠠᠪᠲᠠᠨ ᠦᠢᠯᠡᠳᠦᠨ᠎ᠡ
ᠨᠡᠶᠢᠲᠡᠯᠡᠭᠰᠡᠨ ᠴᠠᠭ᠄
2024/12/13
    ᠣᠯᠠᠨ ᠵᠢᠯ ᠤᠨ ᠲᠤᠷᠰᠢ ᠬᠡᠷᠡᠭᠯᠡᠭᠡ ᠡᠯᠧᠺᠲᠷᠣᠨ ᠬᠡᠷᠡᠭᠯᠡᠭᠡᠨ ᠤ ᠬᠦᠷᠢᠶᠡᠨ ᠳᠤ ᠬᠦᠨᠵᠡᠭᠡᠶᠢᠷᠡᠬᠦ ᠪᠠᠷ ᠳᠠᠮᠵᠢᠨ᠂ ᠡᠯᠪᠡᠭ ᠳᠡᠯᠪᠡᠭ ᠦᠢᠯᠡᠳᠬᠦᠨ ᠤ ᠱᠤᠭᠤᠮ ᠪᠠ ᠰᠠᠶᠢᠨ ᠰᠠᠶᠢᠬᠠᠨ ᠦᠢᠯᠡᠳᠬᠦᠨ ᠤ ᠶᠠᠰᠤ ᠴᠢᠨᠠᠷ ᠲᠠᠭᠠᠨ ᠲᠦᠰᠢᠭᠯᠡᠨ᠂ ᠪᠤᠭᠤᠲᠤ ᠶᠢᠨ ᠶᠢᠩᠰᠲ᠋ᠧ ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠦᠷᠦᠭᠦᠬᠡᠨ ᠦᠢᠯᠡᠰ ᠪᠣᠰᠭᠠᠬᠤ ᠬᠠᠪᠲᠠᠰᠤᠨ ᠳᠤ ᠠᠮᠵᠢᠯᠲᠠ ᠲᠠᠢ ᠵᠠᠬ᠎ᠠ ᠳᠡᠯᠭᠡᠭᠦᠷ ᠲᠤ ᠭᠠᠷᠪᠠ᠃    ᠶᠢᠩᠰᠲ᠋ᠧ ᠪᠣᠯ ᠭᠤᠣᠯᠳᠠᠭᠤ ᠬᠤᠪᠣᠷ ᠰᠢᠷᠤᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠬᠡᠷᠡᠭᠯᠡᠭᠡᠨ ᠤ ᠲᠣᠨᠤᠭ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠢᠯᠠᠯ ᠪᠠᠢᠵᠤ᠂ ︽ᠨᠡᠩ ᠴᠥᠭᠡᠨ ᠮᠠᠲ᠋ᠧᠷᠢᠶᠠᠯ ᠨᠢ ᠨᠡᠩ ᠰᠢᠯᠢᠳᠡᠭ ᠰᠣᠷᠢᠨᠵᠢᠨ ᠴᠢᠳᠠᠮᠵᠢ ᠶᠢ ᠪᠡᠶᠡᠯᠡᠭᠦᠯᠬᠦ︾ ᠵᠢᠷᠤᠭ ᠲᠥᠯᠥᠪᠯᠡᠭᠡ ᠶᠢᠨ ᠣᠢᠯᠠᠭᠠᠭᠳᠠᠬᠤᠨ ᠢ ᠪᠠᠷᠢᠮᠲᠠᠯᠠᠵᠤ᠂ ᠳᠣᠣᠷᠠᠲᠤ ᠤᠷᠤᠰᠬᠠᠯ ᠤᠨ ᠬᠡᠷᠡᠭᠯᠡᠭᠴᠢᠳ ᠲᠤ ᠶᠡᠷᠦᠩᠬᠡᠶᠢᠯᠡᠭᠰᠡᠨ ᠴᠢᠨᠠᠷᠲᠠᠢ ᠰᠣᠷᠢᠨᠵᠢᠨ ᠵᠠᠮ ᠤᠨ ᠭᠠᠷ ᠤᠷᠠᠯᠠᠯ ᠤᠨ ᠮᠡᠷᠭᠡᠵᠢᠯ ᠤᠨ ᠲᠥᠰᠦᠯ ᠬᠠᠩᠭᠠᠬᠤ ᠪᠠᠷ ᠬᠦᠴᠦᠯᠡᠨ ᠴᠢᠷᠮᠠᠶᠢᠵᠤ᠂ ᠨᠢᠭᠡᠨᠲᠡ ᠠᠯᠮᠤᠷᠠᠳ᠂ ᠪᠢᠴᠢᠯ ᠵᠥᠭᠡᠯᠡᠨ᠂ ᠰᠢᠶᠤᠤ ᠮᠢ᠂ ᠬᠤᠸᠠ ᠸᠧᠢ᠂ ᠯᠢᠶᠠᠨ ᠱᠢᠶᠠᠩ ᠵᠡᠷᠭᠡ ᠨᠡᠷᠡᠲᠦ ᠲᠡᠮᠳᠡᠭᠲᠦ ᠬᠤᠳᠠᠯᠳᠤᠭᠠᠨ ᠤ ᠬᠤᠪᠣᠷ ᠰᠢᠷᠤᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠬᠡᠷᠡᠭᠯᠡᠭᠡᠨ ᠤ ᠬᠡᠷᠡᠭᠰᠡᠯ ᠤᠨ ᠭᠤᠣᠯ ᠬᠠᠩᠭᠠᠯᠭ᠎ᠠ ᠶᠢᠨ ᠬᠤᠳᠠᠯᠳᠤᠭᠠᠴᠢᠨ ᠤ ᠨᠢᠭᠡ ᠪᠣᠯᠤᠭᠰᠠᠨ ᠪᠠᠶᠢᠨ᠎ᠠ᠃    ᠪᠦᠷᠢᠳᠬᠡᠯ ᠢ ᠦᠨᠳᠦᠰᠦᠯᠡᠪᠡᠯ᠂ 2024 ᠣᠨ ᠤ ᠲᠦᠷᠦᠭᠦᠤ ᠭᠤᠷᠪᠠᠨ ᠤᠯᠠᠷᠢᠯ ᠳᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 8.49 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.11% ᠪᠠᠷ ᠨᠡᠮᠡᠭᠳᠡᠨ᠂ ᠴᠡᠪᠡᠷ ᠠᠰᠢᠭ ᠬᠤᠨᠵᠢᠪᠣᠷᠢ 1.38 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.66% ᠪᠠᠷ ᠨᠡᠮᠡᠭᠳᠡᠪᠡ᠃    ᠡᠯᠧᠺᠲᠷᠣᠨ ᠲᠥᠬᠦᠭᠡᠷᠦᠮᠵᠢ ᠶᠢᠨ ᠴᠢᠳᠠᠪᠬᠢ ᠶᠢ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠵᠢᠴᠢ ᠰᠠᠯᠬᠢᠨ ᠬᠦᠴᠦᠨ ᠤ ᠴᠠᠬᠢᠯᠭᠠᠨ ᠮᠠᠰᠢᠨ ᠤ ᠠᠰᠢᠭᠯᠠᠮᠵᠢ ᠶᠢ ᠳᠡᠭᠡᠭᠰᠢᠯᠡᠭᠦᠯᠵᠦ᠂ ᠴᠢᠨᠠᠭᠰᠢᠯᠠᠪᠠᠯ ᠠᠭᠠᠷ ᠰᠠᠨᠰᠠᠷ ᠤᠨ ᠠᠶᠠᠯᠠᠯ ᠤᠨ ᠲᠥᠬᠦᠭᠡᠷᠦᠮᠵᠢ ᠶᠢᠨ ᠭᠤᠤᠯ ᠮᠠᠲ᠋ᠧᠷᠢᠶᠠᠯ ᠪᠣᠯᠵᠣ᠂ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠬᠦᠨᠳᠦ ᠶᠢ ᠪᠠᠭᠠᠰᠬᠠᠬᠤ᠂ ᠡᠨᠧᠷᠭᠢ ᠠᠷᠪᠢᠯᠠᠬᠤ᠂ ᠦᠷ᠎ᠡ ᠠᠰᠢᠭ ᠢ ᠨᠡᠮᠡᠭᠳᠡᠭᠦᠯᠬᠦ ᠵᠡᠷᠭᠡ ᠣᠨᠴᠠᠯᠢᠭ ᠲᠤ ᠪᠠᠨ ᠲᠦᠰᠢᠭᠯᠡᠨ᠂ ᠨᠢᠭᠡᠨᠲᠡ ᠣᠲᠣ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠠᠵᠤ ᠦᠢᠯᠡᠳᠪᠦᠷᠢ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠴᠢᠨᠠᠷᠲᠠᠶ ᠮᠠᠲ᠋ᠧᠷᠢᠶᠠᠯ ᠪᠣᠯᠤᠭᠰᠠᠨ ᠪᠥᠭᠡᠳ ᠪᠠᠰᠠ ᠴᠤ ᠮᠠᠨ ᠤ ᠤᠯᠤᠰ ᠤᠨ︽ᠬᠤᠣᠰ ᠨᠡᠭᠦᠷᠡᠰᠦᠲᠥ᠋ᠷᠥᠭᠴᠢ︾ ᠶᠢᠨ ᠵᠠᠮ ᠤᠨ ᠴᠢᠬᠤᠯᠠ ᠠᠵᠤ ᠦᠢᠯᠡᠰ ᠪᠣᠯᠤᠭᠰᠠᠨ ᠪᠠᠶᠢᠨ᠎ᠠ᠃     ᠶᠢᠨ ᠯᠢ ᠲᠣᠭᠲᠠᠮᠠᠯ ᠰᠤᠷᠢᠨᠵᠢᠨ ︵ᠪᠤᠭᠤᠲᠤ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠳᠡᠭᠡᠷ᠎ᠡ᠂ ᠨᠢᠳᠦ ᠭᠢᠯᠠᠰᠤᠮ᠎ᠠ ᠬᠠᠶᠢᠯᠤᠮᠠᠯ ᠰᠢᠩᠭᠡᠨ᠂ ᠭᠢᠯᠲᠠᠭᠠᠨᠠᠭᠰᠠᠨ ᠴᠢᠳᠬᠤᠮᠠᠯ ᠢᠯᠲᠠᠰᠤ᠂ ᠳᠠᠷᠤᠯᠲᠠ ᠂ ᠰᠢᠲᠠᠭᠠᠨ ᠪᠠᠷᠢᠯᠳᠤᠭᠤᠯᠬᠤ᠂ ᠮᠠᠰᠢᠨ ᠢᠶᠠᠷ ᠦᠢᠯᠡᠳᠬᠦ ᠵᠡᠷᠭᠡ ᠠᠵᠢᠯ ᠤᠨ ᠳᠠᠷᠠᠭᠠᠯᠠᠯ ᠢᠶᠠᠷ ᠳᠡᠮᠵᠢᠨ᠂ ᠡᠴᠦᠰ ᠲᠡᠭᠡᠨ ᠠᠳᠠᠯᠢ ᠪᠤᠰᠤ ᠬᠡᠯᠪᠡᠷᠢ ᠳᠦᠷᠰᠦᠳᠦ ᠰᠣᠷᠢᠨᠵᠢᠨ ᠪᠣᠯᠣᠳ ᠪᠣᠯᠤᠨ ᠬᠤᠪᠢᠷᠠᠵᠤ᠂ ᠲᠡᠭᠦᠨ ᠢ ᠰᠠᠯᠬᠢᠨ ᠤ ᠬᠦᠴᠦᠨ ᠢᠶᠠᠷ ᠴᠠᠬᠢᠯᠭᠠᠨ ᠭᠠᠷᠭᠠᠬᠤ᠂ ᠰᠢᠨ᠎ᠡ ᠡᠨᠧᠷᠭᠢ ᠶᠢᠨ ᠮᠠᠰᠢᠨ ᠲᠡᠷᠭᠡ ᠵᠢᠴᠢ ᠮᠠᠰᠢᠨ ᠲᠡᠷᠭᠡᠨ ᠤ ᠰᠡᠯᠪᠢᠭ ᠲᠤᠨᠤᠭ᠂ ᠡᠨᠧᠷᠭᠢ ᠠᠷᠪᠢᠯᠠᠬᠤ ᠬᠡᠷ ᠤᠨ ᠴᠠᠬᠢᠯᠭᠠᠨ ᠬᠡᠷᠡᠭᠰᠡᠯ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠵᠡᠶ᠃     ᠶᠢᠨ ᠯᠢ ᠲᠣᠭᠲᠠᠮᠠᠯ ᠰᠣᠷᠢᠨᠵᠢᠨ ᠪᠣᠯ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠵᠢᠶᠠᠩᠰᠢ ᠶᠢᠨ ᠶᠢᠨ ᠯᠢ ᠶᠦᠩ ᠰᠣᠷᠢᠨᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠦᠷᠢᠨ ᠪᠡᠯᠡᠳᠦ ᠬᠤᠪᠢᠶᠠᠷᠢ ᠺᠣᠮᠫᠠᠨᠢ ᠮᠥᠨ᠂ ᠳᠡᠭᠡᠳᠦ ᠴᠢᠳᠠᠪᠬᠢᠲᠤ ᠨᠸᠣᠳᠢᠮ ᠲᠡᠮᠦᠷ ᠤᠨ ᠲᠣᠭᠲᠠᠮᠠᠯ ᠰᠣᠷᠢᠨᠵᠢᠨ ᠮᠠᠲ᠋ᠧᠷᠢᠶᠠᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠵᠢᠴᠢ ᠰᠢᠢᠳᠪᠦᠷᠢᠯᠡᠬᠦ ᠲᠥᠰᠦᠯ ᠢ ᠨᠢᠭᠡ ᠴᠣᠭᠴᠠᠵᠢᠭᠤᠯᠤᠭᠰᠠᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠮᠥᠨ᠃    ᠪᠤᠭᠤᠲᠤ ᠶᠢᠨ ︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ︾ ᠢ ᠪᠠᠶᠢᠭᠤᠯᠬᠤ ᠠᠰᠢᠭᠲᠠᠶ ᠠᠵᠠ ᠲᠣᠬᠢᠶᠠᠯ ᠳᠤ ᠲᠦᠰᠢᠭᠯᠡᠨ᠂ ᠶᠢᠨ ᠯᠢ ᠲᠣᠭᠲᠠᠮᠠᠯ ᠰᠣᠷᠢᠨᠵᠢᠨ ᠨᠢᠭᠡᠳᠦᠭᠡᠷ ᠬᠤᠭᠤᠴᠠᠭᠠᠨ ᠳᠤ ᠵᠢᠯ ᠳᠤ 8000 ᠲᠣᠨ ᠥᠨᠳᠥᠷ ᠴᠢᠳᠠᠪᠬᠢᠲᠤ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠢ ᠪᠥᠲᠥᠭᠡᠨ ᠪᠠᠶᠢᠭᠤᠯᠤᠭᠰᠠᠨ ᠰᠠᠭᠤᠷᠢᠨ ᠳᠡᠭᠡᠷ᠎ᠡ᠂ ᠵᠢᠯ ᠳᠤ 1.2 ᠲᠦᠮᠡᠨ ᠲᠣᠨ ᠥᠨᠳᠥᠷ ᠴᠢᠳᠠᠪᠬᠢᠲᠤ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠨᠡᠮᠡᠵᠦ ᠪᠠᠯᠠ ᠣᠷᠣᠭᠤᠯᠤᠨ ᠪᠥᠲᠥᠭᠡᠨ ᠪᠠᠶᠢᠭᠤᠯᠪᠠ᠃ ᠣᠳᠣᠬᠠᠨ ᠳᠤ᠂ ᠬᠤᠶᠠᠷ ᠬᠤᠭᠤᠴᠠᠭᠠᠨ ᠤ ᠲᠥᠷᠥᠯ ᠵᠦᠢᠯ ᠨᠢ ᠨᠢᠭᠡᠨᠲᠡ 2 ᠲᠦᠮᠡᠨ ᠲᠣᠨ ᠡᠭᠦᠰᠬᠡᠷ ᠮᠠᠲ᠋ᠧᠷᠢᠶᠠᠯ ᠤᠨ ᠵᠢᠯ ᠤᠨ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ ᠪᠤᠭᠤᠲᠤ ᠶᠢᠨ ᠶᠢᠨ ᠯᠢ ᠲᠣᠭᠲᠠᠮᠠᠯ ᠰᠣᠷᠢᠨᠵᠢᠨ ᠨᠢ ᠪᠠᠰᠠ ᠪᠥᠬᠦ ᠪᠥᠮᠪᠥᠷᠴᠡᠭ ᠤᠨ ᠲᠠᠩ ᠴᠣᠭᠴᠠᠲᠤ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠪᠠᠷ ᠬᠠᠮᠤᠭ ᠤᠨ ᠶᠡᠭᠡ ᠨᠸᠣᠳᠢᠮ ᠲᠡᠮᠦᠷ ᠤᠨ ᠦᠢᠯᠡᠳᠪᠦᠷᠢ ᠪᠣᠯᠤᠭᠰᠠᠨ ᠪᠠᠶᠢᠨ᠎ᠠ᠃    ᠣᠶᠢᠷ᠎ᠠ ᠶᠢᠨ ᠵᠢᠯ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠬᠤᠪᠣᠷ ᠰᠢᠷᠣᠶ ᠶᠢᠨ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠶᠢᠨ ᠯᠢ ᠲᠣᠭᠲᠠᠮᠠᠯ ᠰᠣᠷᠢᠨᠵᠢᠨ᠂ ᠲᠢᠶᠠᠨ ᠾᠧ ᠰᠣᠷᠢᠨᠵᠢᠨ ᠮᠠᠲ᠋ᠧᠷᠢᠶᠠᠯ ᠵᠡᠷᠭᠡ ᠲᠣᠯᠤᠭᠠᠶᠢᠯᠠᠭᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠢᠶᠠᠨ ᠢᠳᠡᠪᠬᠢᠲᠡᠶ ᠥᠷᠭᠡᠳᠬᠡᠨ᠂ ᠵᠠᠬᠢᠶᠠᠯᠠᠭ᠎ᠠ ᠪᠠᠨ ᠨᠡᠮᠡᠭᠳᠡᠭᠦᠯᠵᠦ᠂ ᠦᠢᠯᠡᠳᠪᠦᠷᠢᠯᠡᠬᠦ ᠴᠢᠳᠠᠪᠤᠷᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ᠎ᠡ︔ ᠶᠢᠩᠰᠲ᠋ᠧ᠂ ᠺᠧ ᠲᠢᠶᠠᠨ ᠰᠣᠷᠢᠨᠵᠢᠨ ᠦᠢᠯᠡᠰ ᠵᠡᠷᠭᠡ ᠪᠠᠶᠢᠭᠤᠯᠵᠤ ᠪᠠᠶᠢᠭ᠎ᠠ ᠭᠤᠤᠯᠳᠠᠯᠭ᠎ᠠ ᠪᠣᠯᠬᠤ ᠰᠣᠷᠢᠨᠵᠢᠨ ᠮᠠᠲ᠋ᠧᠷᠢᠶᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠡᠭᠡᠳᠦ ᠲᠠᠰ ᠤᠨ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠬᠡᠪᠴᠢᠶ᠎ᠡ ᠪᠠ ᠵᠠᠬ᠎ᠠ ᠳᠡᠯᠭᠡᠭᠦᠷ ᠤᠨ ᠡᠵᠡᠯᠡᠬᠦ ᠬᠠᠷᠢᠴᠠᠯ ᠢ ᠥᠷᠭᠡᠳᠬᠡᠨ᠎ᠡ᠃    ᠡᠭᠦᠨ ᠤ ᠬᠠᠮᠲᠤ᠂ ᠬᠤᠪᠣᠷ ᠰᠢᠷᠣᠶ ᠶᠢᠨ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ ᠪᠣᠯᠤᠨ ᠭᠢᠯᠠᠶᠢᠯᠭᠠᠬᠤ ᠮᠠᠲ᠋ᠧᠷᠢᠶᠠᠯ ᠢ ᠥᠨᠳᠥᠷ ᠪᠦᠲᠦᠮᠵᠢᠲᠡᠶ ᠪᠠᠷ ᠬᠥᠭᠵᠢᠭᠦᠯᠵᠦ᠂ ᠭᠦᠸᠧ ᠷᠦᠢ ᠺᠧ ᠰᠢᠨ᠎ᠡ ᠶᠢ ᠡᠭᠦᠳᠬᠦ ᠪᠥᠬᠦ ᠤᠯᠤᠰ ᠤᠨ ᠠᠩᠬᠠᠳᠠᠭᠴᠢ ᠬᠠᠲᠠᠭᠤ ᠪᠡᠶᠡᠲᠦ ᠤᠰᠤᠲᠥ᠋ᠷᠥᠭᠴᠢ ᠬᠠᠳᠠᠭᠠᠯᠠᠬᠤ ᠲᠣᠨᠣᠭᠯᠠᠯ᠂ ᠲᠢᠶᠠᠨ ᠵᠢᠶᠤᠤ ᠴᠢᠩ ᠮᠧᠶ ᠬᠤᠶᠠᠳᠤᠭᠠᠷ ᠬᠤᠭᠤᠴᠠᠭᠠᠨ ᠤ 6000 ᠲᠣᠨ ᠬᠢᠯᠠᠶᠢᠯᠭᠠᠬᠤ ᠨᠤᠨᠲᠠᠭ ᠵᠡᠷᠭᠡ ᠲᠥᠷᠥᠯ ᠵᠦᠢᠯ ᠤᠨ ᠴᠢᠳᠠᠪᠤᠷᠢ ᠪᠠᠨ ᠥᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠳᠡᠭᠡᠳᠦ ᠲᠠᠰ ᠤᠨ ᠬᠡᠷᠡᠭᠯᠡᠭᠡᠨ ᠤ ᠲᠠᠯ᠎ᠠ ᠪᠠᠷ ᠰᠢᠪᠲᠤᠯᠤᠯᠲᠠ ᠭᠠᠷᠭᠠᠨ᠎ᠠ︔ ᠣᠨᠴᠠᠭᠠᠶ ᠬᠤᠪᠣᠷ ᠰᠢᠷᠣᠶ ᠶᠢᠨ ᠴᠢᠳᠠᠮᠵᠢ ᠶᠢᠨ ᠮᠠᠲ᠋ᠧᠷᠢᠶᠠᠯ᠂ ᠳᠡᠭᠡᠳᠦ ᠴᠡᠪᠡᠷ ᠲᠡᠮᠦᠷᠯᠢᠭ ᠪᠣᠯᠤᠨ ᠬᠢᠮᠢ ᠶᠢᠨ ᠨᠢᠭᠡᠳᠪᠦᠷᠢ᠂ ᠲᠡᠮᠦᠷᠯᠢᠭ ᠫᠤᠤᠳᠠᠯᠭ᠎ᠠ ᠶᠢᠨ ᠮᠠᠲ᠋ᠧᠷᠢᠶᠠᠯ ᠵᠡᠷᠭᠡ ᠣᠨᠴᠠ ᠲᠥᠷᠥᠯ ᠤᠨ ᠮᠠᠲ᠋ᠧᠷᠢᠶᠠᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠵᠦᠡᠭ ᠺᠧ ᠶᠢᠨ ᠳᠠᠬᠢᠨ ᠡᠭᠦᠰᠬᠦ᠂ ᠰᠠᠨ ᠯᠦᠩ ᠰᠢᠨ᠎ᠡ ᠮᠠᠲ᠋ᠧᠷᠢᠶᠠᠯ᠂ ᠮᠢᠩ ᠰᠢᠨ ᠬᠤᠪᠣᠷ ᠰᠢᠷᠣᠶ᠂ ᠰᠢᠨ ᠢᠦᠶ ᠬᠤᠪᠣᠷ ᠰᠢᠷᠣᠶ ᠵᠡᠷᠭᠡ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ᠂ ᠦᠢᠯᠡᠳᠪᠦᠷᠢᠯᠡᠯ ᠢᠶᠠᠨ ᠥᠷᠭᠡᠳᠬᠡᠬᠦ ᠶᠢ ᠳᠡᠮᠵᠢᠵᠦ᠂ ᠬᠤᠪᠣᠷ ᠰᠢᠷᠣᠶ ᠶᠢᠨ ᠣᠨᠴᠠᠭᠠᠶ ᠴᠢᠳᠠᠮᠵᠢ ᠶᠢᠨ ᠮᠠᠲ᠋ᠧᠷᠢᠶᠠᠯ ᠢ ᠲᠦᠷᠭᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠤᠭᠤᠲᠤ ᠶᠢᠨ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠶᠢ 25 ᠲᠦᠮᠡᠨ ᠲᠣᠨ ᠠᠴᠠ ᠳᠡᠭᠡᠭᠰᠢ ᠳᠤ ᠬᠦᠷᠦᠭᠦᠯᠵᠦ᠂ ᠶᠡᠷᠦᠩᠬᠡᠶᠢᠯᠡᠭᠰᠡᠨ ᠬᠡᠪᠴᠢᠶ᠎ᠡ ᠶᠢ ᠪᠥᠬᠦ ᠤᠯᠤᠰ ᠤᠨ ᠲᠡᠷᠢᠭᠦᠨ ᠢ ᠪᠡᠶᠡᠯᠡᠭᠦᠯᠪᠡ᠃    ᠠᠵᠤ ᠦᠢᠯᠡᠰ ᠤᠨ ᠦᠷᠭᠦᠯᠵᠢᠯᠡᠬᠦᠶᠢᠴᠡ ᠬᠥᠭᠵᠢᠯᠲᠡ ᠨᠢ ᠲᠣᠮᠣ ᠲᠦᠦᠷᠯ ᠵᠦᠢᠯᠡᠰ ᠤᠨ ᠬᠦᠴᠦᠨ ᠨᠡᠮᠡᠷᠢᠯᠡᠬᠦ ᠠᠴᠠ ᠰᠠᠯᠵᠤ ᠴᠢᠳᠠᠬᠤ ᠦᠭᠡᠢ ᠶᠤᠮ᠃    ᠣᠶᠢᠷ᠎ᠠ ᠳᠤ᠂ ᠤᠮᠠᠷᠠᠲᠤ ᠶᠢᠨ ᠬᠤᠪᠣᠷ ᠰᠢᠷᠤᠢ ᠶᠢᠨ ᠪᠦᠯᠦᠭᠯᠡᠯ ᠬᠢᠭᠡᠳ ᠨᠢᠩ ᠪᠦ᠋ ᠶᠢᠨ ᠵᠣᠣ ᠪᠤᠤ ᠰᠣᠷᠢᠨᠵᠢᠨ ᠦᠢᠯᠡᠰ ᠤᠨ ᠬᠢᠵᠠᠭᠠᠷᠲᠤ ᠺᠣᠮᠫᠠᠨᠢ᠂ ᠰᠦ ᠵᠧᠦ ᠶᠢᠨ ᠲᠦᠩ ᠷᠦᠨ ᠬᠥᠳᠡᠯᠭᠡᠭᠴᠢ ᠬᠦᠴᠦᠨ ᠤ ᠲᠥᠬᠦᠭᠡᠷᠦᠮᠵᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠨᠢᠩ ᠪᠦ᠋ ᠸᠧ ᠶᠢᠨ ᠱᠢ ᠰᠣᠷᠢᠨᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠬᠠᠮᠲᠤᠪᠠᠷ ᠪᠡᠯᠡ ᠣᠷᠣᠭᠤᠯᠵᠤ ᠪᠦᠲᠦᠭᠡᠨ ᠪᠠᠢᠭᠤᠯᠤᠭᠰᠠᠨ ᠵᠢᠯ ᠳᠤ 3000 ᠲᠤᠨ ᠥᠨᠳᠥᠷ ᠴᠢᠳᠠᠪᠬᠢᠲᠤ ᠨᠸᠣᠳᠢᠮ ᠲᠡᠮᠦᠷ ᠤᠨ ᠪᠤᠷ ᠪᠣᠯᠤᠨ ᠰᠣᠷᠢᠨᠵᠢᠨ ᠮᠠᠲ᠋ᠧᠷᠢᠶᠠᠯ ᠤᠨ ᠲᠥᠷᠥᠯ ᠵᠦᠢᠯ ᠨᠢ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠰᠠᠭᠤᠷᠢᠰᠢᠪᠠ᠃    ᠲᠤᠰ ᠤᠳᠠᠭᠠᠨ ᠤ ᠪᠡᠯᠡ ᠨᠡᠶᠢᠯᠡᠭᠦᠯᠦᠭᠰᠡᠨ ᠬᠠᠮᠲᠤᠷᠠᠯᠴᠠᠭ᠎ᠠ ᠨᠢ ᠠᠵᠤ ᠦᠢᠯᠡᠰ ᠤᠨ ᠬᠡᠯᠬᠢᠶ᠎ᠡ ᠶᠢᠨ ᠥᠷᠢᠰᠥᠯᠳᠦᠭᠡᠨ ᠤ ᠳᠠᠪᠠᠭᠤᠯᠢᠭ ᠢ ᠪᠦᠲᠦᠮᠵᠢᠲᠡᠢ ᠴᠢᠩᠭᠠᠳᠬᠠᠵᠤ᠂ ᠤᠮᠠᠷᠠᠲᠤ ᠶᠢᠨ ᠬᠤᠪᠣᠷ ᠰᠢᠷᠣᠢ ᠶᠢᠨ ᠡᠬᠢ ᠪᠠᠶᠠᠯᠢᠭ ᠤᠨ ᠳᠠᠪᠠᠭᠤᠯᠢᠭ ᠢ ᠨᠡᠩ ᠰᠠᠶᠢᠲᠤᠷ ᠠᠵᠤ ᠦᠢᠯᠡᠰ ᠤᠨ ᠳᠡᠭᠡᠳᠦ ᠳᠤᠤᠷᠠᠳᠤ ᠤᠷᠤᠰᠬᠠᠯ ᠤᠨ ᠬᠠᠮᠵᠢᠯᠴᠠᠨ ᠬᠥᠳᠡᠯᠦᠯᠴᠡᠵᠦ ᠬᠥᠭᠵᠢᠬᠦ ᠳᠠᠪᠠᠭᠤᠯᠢᠭ ᠪᠣᠯᠭᠠᠨ ᠬᠤᠪᠢᠷᠠᠭᠤᠯᠵᠤ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠣᠭᠴᠠ ᠶᠢᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢᠴᠢᠩᠭᠠᠳᠬᠠᠵᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠦᠳᠦᠭᠡᠨ ᠪᠠᠶᠢᠭᠤᠯᠤᠯᠲᠠ᠂ ᠳᠡᠯᠡᠬᠡᠢ ᠶᠢᠨ ᠲᠡᠷᠢᠭᠦᠨ ᠤ ᠬᠤᠪᠣᠷ ᠰᠢᠷᠣᠢ ᠶᠢᠨ ᠲᠠᠭᠠᠭᠤᠯᠤᠬᠴᠢ ᠠᠵᠤ ᠠᠬᠤᠶᠢᠯᠠᠯ ᠳᠤ ᠲᠤᠯᠭᠠᠭᠤᠷᠢᠯᠠᠯ ᠪᠠ ᠬᠦᠴᠦᠨ ᠨᠡᠮᠡᠷᠢᠯᠡᠪᠡ᠃    ᠡᠨᠡ ᠲᠠᠯ᠎ᠠ ᠶᠢᠨ ᠲᠥᠷᠥᠯ ᠵᠦᠢᠯ ᠤᠨ ᠬᠡᠯᠡᠯᠴᠡᠭᠡᠷ ᠬᠥᠷ ᠬᠥᠭᠵᠢᠶᠡᠨ ᠲᠠᠢ ᠶᠠᠪᠤᠭᠳᠠᠵᠤ᠂ ᠨᠥᠭᠦᠭᠡ ᠲᠠᠯ᠎ᠠ ᠶᠢᠨ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠪᠦᠬᠦ ᠬᠦᠴᠦᠨ ᠢᠶᠠᠷ ᠢᠶᠠᠨ ᠶᠠᠪᠤᠭᠳᠠᠨ᠎ᠠ᠃ 3 ᠰᠠᠷ᠎ᠠ ᠳᠠᠷᠠᠭᠠᠯᠠᠨ ᠪᠠᠷᠢᠯᠭ᠎ᠠ ᠪᠠᠷᠢᠬᠤ ᠪᠠᠷ ᠳᠡᠮᠵᠢᠨ᠂ ᠪᠠᠷᠤᠭ 140 ᠮᠥ ᠭᠠᠵᠠᠷ ᠡᠵᠡᠯᠡᠭᠰᠡᠨ ᠪᠤᠭᠤᠲᠤ ᠶᠢᠨ ᠬᠤᠸᠠ ᠬᠤᠩ ᠵᠢᠯ ᠳᠤ 2 ᠲᠦᠮᠡᠨ ᠲᠣᠨ ᠥᠨᠳᠥᠷ ᠴᠢᠳᠠᠪᠬᠢᠲᠤ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ 2 ᠳ᠋ᠤᠭᠠᠷ᠂ 4 ᠳ᠋ᠤᠭᠠᠷ᠂ 5 ᠳ᠋ᠤᠭᠠᠷ ᠨᠣᠮᠧᠷᠲᠤ ᠭᠤᠷᠪᠠᠨ ᠦᠢᠯᠡᠳᠪᠦᠷᠢ ᠶᠢᠨ ᠬᠡᠷ ᠪᠠᠶᠢᠰᠢᠩ ᠠᠩᠬᠠᠨ ᠤ ᠳᠦᠷᠰᠦ ᠪᠠᠶᠢᠳᠠᠯ ᠲᠠᠢ ᠪᠣᠯᠪᠠ᠃ ᠲᠣᠰ ᠲᠥᠷᠥᠯ ᠵᠦᠢᠯ ᠪᠣᠯ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ︾ ᠶᠢᠨ ᠪᠡᠯᠭᠡ ᠲᠡᠮᠳᠡᠭ ᠤᠨ ᠴᠢᠨᠠᠷᠲᠠᠶ ᠲᠥᠷᠥᠯ ᠵᠦᠢᠯ ᠪᠣᠯᠬᠤ ᠪᠥᠭᠡᠳ ᠪᠠᠰᠠ ᠴᠤ ᠬᠤᠸᠠ ᠬᠤᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠣᠷ ᠰᠢᠷᠣᠶ ᠶᠢᠨ ᠡᠷᠡᠰ ᠰᠠᠶᠢᠲᠤᠷ ᠪᠣᠳᠤᠯᠬᠢᠯᠠᠵᠤ ᠪᠦᠬᠦ ᠬᠦᠴᠦᠨ ᠢᠶᠠᠷ ᠢᠶᠠᠨ ᠬᠦᠭᠵᠢᠭᠦᠯᠦᠭᠰᠡ ᠠᠵᠤ ᠦᠢᠯᠡᠰ ᠪᠠᠶᠢᠵᠤ᠂ ᠳᠠᠬᠢᠯᠲᠠ ᠡᠬᠢ ᠪᠠᠶᠠᠯᠢᠭ ᠤᠨ ᠣᠷᠴᠢᠯ ᠠᠵᠤ ᠦᠢᠯᠡᠰ ᠤᠨ ᠪᠢᠲᠡᠭᠦᠦ ᠴᠠᠭᠠᠷᠢᠭ ᠢ ᠪᠡᠶᠡᠯᠡᠭᠦᠯᠬᠦ ᠴᠢᠬᠤᠯᠠ ᠭᠤᠭᠴᠤᠭ᠎ᠠ ᠪᠣᠯᠤᠨ᠎ᠠ᠃ ᠲᠥᠷᠥᠯ ᠵᠦᠢᠯ ᠪᠦᠬᠦᠨ ᠢᠶᠠᠷ ᠢᠶᠠᠨ ᠦᠢᠯᠡᠳᠪᠦᠷᠢᠯᠡᠯ ᠳᠤ ᠤᠷᠤᠭᠰᠠᠨ ᠤ ᠳᠠᠷᠠᠭ᠎ᠠ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 30 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃    ᠲᠦᠷᠦᠭᠦᠬᠡᠨ᠂ ᠪᠤᠭᠤᠲᠤ ᠶᠢᠨ ᠠᠨ ᠳᠧ ᠰᠢ ᠨᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠨᠢ ᠠᠵᠢᠯ ᠲᠥᠷᠥᠯ ᠤᠨ ᠳᠣᠲᠣᠷ᠎ᠠ ᠪᠠᠨ ᠬᠤᠪᠣᠷ ᠰᠢᠷᠤᠢ  ᠶᠢᠨ ᠨᠡᠶᠢᠯᠡᠮᠡᠯ ᠢᠯᠴᠢ ᠳᠠᠮᠵᠢᠭᠤᠯᠬᠤ ᠳᠠᠷᠤᠯᠲᠠ ᠮᠠᠲ᠋ᠧᠷᠢᠶᠠᠯ ᠣᠷᠣᠭᠤᠯᠬᠤ᠂ ᠬᠤᠪᠣᠷ ᠰᠢᠷᠤᠢ ᠶᠢᠨ ᠨᠡᠶᠢᠯᠡᠮᠡᠯ ᠢᠯᠴᠢ ᠬᠥᠨᠳᠡᠢᠷᠡᠭᠦᠯᠬᠦ ᠮᠠᠲ᠋ᠧᠷᠢᠶᠠᠯ ᠵᠡᠷᠭᠡ ᠬᠡᠳᠦᠨ ᠠᠷᠪᠠᠨ ᠵᠦᠢᠯ ᠤᠨ ᠬᠤᠪᠣᠷ ᠰᠢᠷᠤᠢ  ᠶᠢᠨ ᠭᠠᠯ ᠳᠤ ᠲᠡᠰᠪᠦᠷᠢᠲᠡᠢ ᠦᠢᠯᠡᠳᠬᠦᠨ ᠢ ᠤᠷᠢᠳᠠᠪᠡᠷ ᠨᠡᠭᠡᠭᠡᠨ ᠭᠠᠷᠭᠠᠵᠤ᠂ ᠣᠳᠣᠬᠠᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠥᠨᠳᠥᠷ ᠳᠤᠯᠠᠭᠠᠨ ᠤ ᠨᠦᠬᠡᠨ ᠵᠤᠤᠬ᠎ᠠ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠪᠡ ᠃    ᠠᠵᠤ ᠠᠬᠤᠢᠯᠠᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠵᠢᠢ ᠫᠢᠩ ᠤᠨ ᠲᠠᠨᠢᠯᠴᠠᠭᠤᠯᠤᠭᠰᠠᠨ ᠢᠶᠠᠷ᠂ ᠨᠢᠳᠤᠨᠤᠨ᠂ ᠠᠨ ᠳᠧ ᠰᠢ ᠨᠠᠢ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠡᠯᠡ ᠣᠷᠣᠭᠤᠯᠵᠤ᠂ ᠵᠢᠯ ᠳᠤ 12 ᠲᠦᠮᠡᠨ ᠲᠤᠨ ᠯᠠᠨᠲ᠋ᠠᠨ ᠤ  ᠼᠧᠷᠢ  ᠦᠢᠯᠡᠳᠪᠦᠷᠢᠯᠡᠬᠦ ᠳᠤ ᠬᠡᠷᠡᠭᠯᠡᠬᠦ ᠬᠤᠪᠣᠷ ᠰᠢᠷᠤᠢ  ᠶᠢᠨ ᠰᠢᠨ᠎ᠡ ᠮᠠᠲ᠋ᠧᠷᠢᠶᠠᠯ ᠢ ᠬᠤᠪᠢᠷᠠᠭᠤᠯᠬᠤ ᠰᠠᠭᠤᠷᠢᠨ ᠭᠠᠵᠠᠷ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢᠨ ᠬᠠᠮᠲᠤ᠂ ᠪᠤᠭᠤᠲᠤ ᠶᠢᠨ ᠬᠤᠪᠣᠷ ᠰᠢᠷᠤᠢ ᠶᠢᠨ ᠰᠤᠳᠤᠯᠭᠠᠨ ᠤ ᠬᠦᠷᠢᠶᠡᠯᠡᠩ ᠤᠨ ᠲᠢᠶᠠᠨᠵᠢᠨ ᠤ ᠬᠤᠪᠢᠶᠠᠷᠢ ᠬᠦᠷᠢᠶᠡᠯᠡᠩ ᠲᠠᠢ ᠬᠠᠮᠲᠤᠷᠠᠭᠰᠠᠨ ᠲᠤᠷᠰᠢᠯᠲᠠ ᠶᠢᠨ ᠲᠠᠰᠤᠭ ᠪᠠᠶᠢᠭᠤᠯᠵᠤ᠂ ᠤᠯᠠᠮᠵᠢᠯᠠᠯᠲᠤ ᠭᠠᠯ ᠳᠤ ᠲᠡᠰᠪᠦᠷᠢᠲᠡᠢ ᠮᠠᠲ᠋ᠧᠷᠢᠶᠠᠯ ᠤᠨ ᠳᠤᠯᠠᠭᠠᠨ ᠢ ᠬᠠᠳᠠᠭᠠᠯᠠᠬᠤ ᠴᠢᠨᠠᠷ ᠨᠢ ᠪᠠᠷᠤᠭᠲᠠᠢ᠂ ᠰᠠᠴᠤᠷᠠᠭ ᠢᠳᠡᠪᠬᠢ ᠪᠤᠰᠤ᠂ ᠤᠲᠤᠭ᠎ᠠ ᠬᠡᠢ ᠶᠢᠨ ᠰᠡᠭᠦᠯ ᠤᠨ ᠬᠡᠢ ᠶᠢ ᠠᠯᠳᠠᠭᠳᠠᠭᠤᠯᠬᠤ ᠢᠯᠴᠢ ᠶᠢᠨ ᠬᠡᠮᠵᠢᠶ᠎ᠡ ᠨᠢ ᠣᠯᠠᠨ ᠵᠡᠷᠭᠡ ᠮᠡᠷᠭᠡᠵᠢᠯ ᠤᠨ ᠪᠡᠷᠬᠡ ᠰᠡᠳᠦᠪ ᠢ ᠡᠪᠳᠡᠵᠦ᠂ 15 ᠠᠴᠠ ᠳᠡᠭᠡᠭᠰᠢᠬᠢ ᠡᠨᠧᠷᠭᠢ ᠠᠷᠪᠢᠯᠠᠬᠤ ᠦᠷ᠎ᠡ ᠪᠦᠲᠦᠮᠵᠢ ᠶᠢ ᠪᠡᠶᠡᠯᠡᠭᠦᠯᠵᠦ ᠪᠣᠯᠤᠨ᠎ᠠ᠂ ᠦᠢᠯᠡᠳᠬᠦᠨ ᠨᠢ ᠣᠳᠣᠬᠠᠨ ᠳᠤ ᠪᠤᠭᠤᠲᠤ ᠶᠢᠨ ᠲᠤᠰ ᠭᠠᠵᠠᠷ ᠤᠨ ᠠᠵᠤ ᠠᠬᠤᠶᠢᠯᠠᠯ ᠤᠨ ᠸᠧᠢ ᠹᠧᠩ ᠴᠠᠬᠢᠯᠭᠠᠨ ᠰᠣᠷᠢᠨᠵᠢᠨ᠂ ᠬᠤᠸᠠ ᠮᠧᠢ ᠬᠤᠪᠣᠷ  ᠰᠢᠷᠤᠢ ᠵᠡᠷᠭᠡ ᠺᠣᠮᠫᠠᠨᠢ ᠳᠤ ᠬᠡᠷᠡᠭᠯᠡᠭᠳᠡᠪᠡ᠃    ᠠᠵᠤ ᠦᠢᠯᠡᠰ ᠤᠨ ᠳᠠᠪᠠᠭᠤᠯᠢᠭ ᠲᠥᠷᠥ ᠶᠢᠨ ᠪᠣᠳᠣᠯᠭ᠎ᠠ᠂ ᠬᠤᠳᠠᠯᠳᠤᠭᠠᠴᠢᠨ ᠤᠷᠢᠬᠤ ᠰᠠᠶᠢᠨ ᠰᠠᠶᠢᠬᠠᠨ ᠪᠠᠶᠢᠳᠠᠯ ᠨᠢ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠥᠷᠨᠢᠩᠭᠦᠶ ᠬᠥᠭᠵᠢᠯᠲᠡ ᠶᠢ ᠳᠠᠶᠢᠴᠢᠯᠠᠭᠰᠠᠨ ᠪᠠᠶᠢᠨ᠎ᠠ᠃ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠪᠦᠬᠦ ᠤᠯᠤᠰ ᠤᠨ ᠰᠣᠷᠢᠨᠵᠢᠨ ᠮᠠᠲ᠋ᠧᠷᠢᠶᠠᠯ ᠤᠨ ᠭᠠᠷᠤᠯᠲᠠ ᠶᠢᠨ ᠬᠡᠮᠵᠢᠶ᠎ᠡ ᠨᠢ 6 ᠳ᠋ᠤᠭᠠᠷ ᠲᠤ ᠵᠢᠭᠰᠠᠭᠠᠭᠳᠠᠬᠤ ᠰᠢᠶᠠᠮᠧᠨ ᠤ ᠸᠤᠯᠹᠷᠠᠮ ᠤᠨ ᠦᠢᠯᠡᠰ᠂ 10 ᠳ᠋ᠤᠭᠠᠷ ᠲᠤ ᠵᠢᠭᠰᠠᠭᠠᠭᠳᠠᠬᠤ ᠬᠤᠸᠠ ᠬᠤᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠢᠴᠢ ᠪᠦᠬᠦ ᠪᠥᠮᠪᠥᠷᠴᠡᠭ ᠤᠨ ᠰᠣᠷᠢᠨᠵᠢᠨ ᠮᠠᠲ᠋ᠧᠷᠢᠶᠠᠯ ᠤᠨ ᠲᠣᠯᠤᠭᠠᠶᠢᠯᠠᠭᠴᠢ ᠠᠵᠤ ᠠᠬᠤᠶᠢᠯᠠᠯ ᠶᠠᠫᠣᠨ ᠤ ᠰᠢᠶᠠᠩ ᠮᠣᠸ᠋ ᠬᠤᠶᠢᠨ᠎ᠠ ᠬᠤᠶᠢᠨ᠎ᠠ ᠠᠴᠠ ᠪᠠᠨ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠰᠠᠭᠤᠷᠢᠰᠢᠪᠠ ᠃ ᠣᠳᠣᠬᠠᠨ ᠪᠣᠯᠲᠠᠯ᠎ᠠ᠂ ᠪᠥᠬᠦ ᠤᠯᠤᠰ ᠲᠤ ᠡᠮᠦᠨ᠎ᠡ 15     ᠨᠡᠷᠡᠰ ᠲᠤ ᠵᠢᠭᠰᠠᠭᠠᠭᠳᠠᠭᠰᠠᠨ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠨᠢᠭᠡᠨᠲᠡ 10 ᠡᠷᠦᠬᠡ ᠰᠠᠭᠤᠷᠢᠰᠢᠪᠠ᠃    1 ᠠᠴᠠ 10 ᠳ᠋ᠤᠭᠠᠷ ᠰᠠᠷ᠎ᠠ ᠪᠣᠯᠲᠠᠯ᠎ᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 19.3% ᠪᠠᠷ ᠨᠡᠮᠡᠭᠳᠡᠪᠡ᠂ ᠡᠭᠦᠨ ᠳᠤ ᠬᠤᠪᠣᠷ ᠰᠢᠷᠣᠶ ᠶᠢᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 28.7% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 12.8 ᠵᠠᠭᠤᠨ ᠤ ᠴᠡᠭᠳᠠᠶᠢᠴᠢᠯᠠᠵᠤ᠂ ᠪᠦᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 43.6% ᠶᠢ ᠡᠵᠡᠯᠡᠪᠡ᠃ ᠡᠨᠡ ᠵᠢᠯ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠤᠪᠣᠷ ᠰᠢᠷᠣᠶ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ 600 ᠳ᠋ᠦᠩᠰᠢᠭᠤᠷ ᠲᠥᠭᠦᠷᠢᠭ ᠢ ᠳᠠᠪᠠᠵᠤ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠭᠡᠨ ᠤ ᠦᠢᠯᠡᠳᠬᠦᠨ ᠤ ᠥᠷᠲᠡᠭ 300 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠤᠮᠵᠢ ᠲᠠᠢ ᠪᠠᠶᠢᠨ᠎ᠠ᠃    ᠰᠠᠶ᠋ᠢᠬᠠᠨ ᠨᠡᠶᠢᠲᠡᠯᠡᠭᠰᠡᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ 2024 ᠣᠨ ᠤ ᠲᠡᠷᠢᠭᠦᠨ ᠤ ᠦᠢᠯᠡᠳᠬᠦ ᠦᠢᠯᠡᠰ ᠤᠨ ᠪᠦᠯᠦᠭᠯᠡᠯ  ᠤᠨ 35 ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ᠂ ︽ᠪᠤᠭᠤᠲᠤ ᠶᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠪᠦᠯᠦᠭᠯᠡᠯ︾ ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠪᠦᠬᠦ ᠤᠯᠤᠰ ᠤᠨ ᠴᠣᠷ ᠤᠨ ᠭᠠᠭᠴᠠ ᠬᠤᠪᠣᠷ ᠰᠢᠷᠣᠢ ᠶᠢᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠯᠡᠯ ᠪᠣᠯᠪᠠ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ