ᠪᠤᠭᠤᠲᠤ ᠬᠤᠲᠠ ᠪᠥᠬᠦ ᠣᠷᠣᠨ ᠤ ᠠᠩᠬᠠᠳᠠᠭᠴᠢ ᠤᠯᠤᠰ ᠤᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠰᠢᠨ᠎ᠡ ᠡᠭᠦᠳᠦᠯᠲᠡ ᠶᠢᠨ ᠲᠤᠷᠰᠢᠯᠲᠠ ᠶᠢᠨ ᠭᠠᠵᠠᠷ ᠣᠷᠣᠨ ᠢᠶᠠᠷ ᠵᠥᠪᠰᠢᠶᠡᠷᠡᠭᠳᠡᠪᠡ
ᠨᠡᠶᠢᠲᠡᠯᠡᠭᠰᠡᠨ ᠴᠠᠭ᠄
2024/12/16
    12 ᠳ᠋ᠤᠭᠠᠷ ᠰᠠᠷ᠎ᠠ ᠶᠢᠨ 3 ᠤ ᠡᠳᠦᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠭᠤᠷᠪᠠᠳᠤᠭᠠᠷ ᠪᠦᠯᠦᠭ ᠤᠨ ᠪᠥᠬᠦ ᠤᠯᠤᠰ ᠤᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠰᠢᠨ᠎ᠡ ᠡᠭᠦᠳᠦᠯᠲᠡ ᠶᠢᠨ ᠲᠤᠷᠰᠢᠯᠲᠠ ᠶᠢᠨ ᠭᠠᠵᠠᠷ ᠣᠷᠣᠨ ᠤ ᠨᠡᠷᠡᠰ ᠢ ᠨᠡᠶᠢᠲᠡᠯᠡᠵᠦ᠂ ᠪᠤᠭᠤᠲᠤ ᠬᠤᠲᠠ ᠪᠥᠬᠦ ᠣᠷᠣᠨ ᠤ ᠠᠩᠬᠠᠳᠠᠭᠴᠢ ᠤᠯᠤᠰ ᠤᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠰᠢᠨ᠎ᠡ ᠡᠭᠦᠳᠦᠯᠲᠡ ᠶᠢᠨ ᠲᠤᠷᠰᠢᠯᠲᠠ ᠶᠢᠨ ᠴᠡᠭ ᠤᠨ ᠭᠠᠵᠠᠷ ᠣᠷᠣᠨ ᠢᠶᠠᠷ ᠵᠥᠪᠰᠢᠶᠡᠷᠡᠭᠳᠡᠪᠡ᠃    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠳᠦᠷᠢᠮ ᠢ ᠪᠠᠶᠢᠭᠤᠯᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠠᠭᠠᠯᠠᠬᠤ ᠰᠡᠳᠬᠢᠴᠡ ᠪᠠᠨ ᠢᠳᠡᠪᠬᠢᠲᠡᠶ ᠲᠡᠭᠦᠯᠳᠡᠷᠵᠢᠭᠦᠯᠵᠦ᠂ ᠲᠣᠭᠲᠠᠴᠠ ᠪᠦᠷᠢᠨ᠂ ᠠᠭᠤᠷ ᠠᠮᠢᠰᠬᠤᠯ ᠭᠦᠨ ᠵᠤᠵᠠᠭᠠᠨ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ︽ᠵᠢᠭᠰᠠᠭᠠᠯ︾ ᠢ ᠬᠦᠴᠦᠯᠡᠨ ᠪᠠᠶᠢᠭᠤᠯᠵᠤ᠂ ᠠᠵᠤ ᠠᠬᠤᠶᠢᠯᠠᠯ ᠤᠨ ᠥᠷᠢᠰᠥᠯᠳᠦᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠪᠠ᠃    ᠨᠢᠭᠡ ᠳᠤ᠂ ᠲᠦᠷᠢᠮ ᠤᠨ ᠲᠣᠭᠲᠠᠯᠴᠠᠭ᠎ᠠ ᠶᠢᠨ ︽ᠭᠤᠣᠯ ᠵᠢᠭᠰᠠᠭᠠᠯ︾ ᠢ ᠪᠠᠶᠢᠭᠤᠯᠤᠨ ᠬᠦᠴᠦᠷᠬᠡᠭᠵᠢᠭᠦᠯᠪᠡ᠃ ︽ᠪᠤᠭᠤᠲᠤ ᠬᠤᠲᠠ ᠶᠢᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠠᠵᠢᠯ ᠢ ᠭᠦᠨᠵᠡᠭᠡᠶ ᠠᠬᠢᠭᠤᠯᠬᠤ ᠬᠡᠷᠡᠭᠵᠢᠭᠦᠯᠬᠦ ᠲᠥᠰᠦᠯ︾ ᠵᠡᠷᠭᠡ ᠲᠦᠷᠢᠮ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠠᠵᠤ ᠠᠬᠤᠶᠢᠯᠠᠯ ᠳᠤ ︽ᠺᠣᠮᠫᠠᠨᠢ ᠶᠢᠨ ᠬᠤᠳᠠᠯᠳᠤᠭᠠᠨ ᠤ ᠨᠢᠭᠤᠴᠠ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠠᠯᠢ ᠣᠯᠠᠨ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠪᠢᠴᠢᠭ ᠮᠠᠲ᠋ᠧᠷᠢᠶᠠᠯ ᠪᠠ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠲᠦᠷᠢᠮ ᠤᠨ ᠡᠮᠬᠢᠳᠬᠡᠯ ᠢ ᠲᠠᠷᠬᠠᠭᠠᠵᠤ᠂ ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠳᠣᠲᠣᠭᠠᠳᠤ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠳᠤ ᠲᠦᠷᠢᠮ ᠤᠨ ᠵᠢᠯᠣᠭᠤᠳᠣᠯᠭ᠎ᠠ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠲᠦᠷᠢᠮ ᠤᠨ ᠳᠤᠲᠠᠭᠤᠳᠠᠯ ᠢ ᠨᠥᠬᠦᠪᠥᠷᠢᠯᠡᠵᠦ᠂ ᠠᠵᠤ ᠠᠬᠤᠶᠢᠯᠠᠯ ᠤᠨ ᠪᠦᠲᠦᠮᠵᠢᠲᠡᠢ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠠᠵᠢᠯ ᠦᠷᠨᠢᠭᠦᠯᠬᠦ ᠶᠢ ᠵᠢᠯᠤᠭᠤᠳᠪᠠ᠃    ᠬᠤᠶᠠᠷ ᠲᠤ᠂ ᠨᠢᠭᠤᠴᠠ ᠶᠢ ᠬᠠᠮᠠᠭᠠᠯᠠᠬᠤ ︽ᠰᠠᠭᠤᠷᠢᠨ ᠭᠠᠵᠠᠷ︾ ᠢ ᠪᠠᠶᠢᠭᠤᠯᠪᠠ᠃ ᠠᠵᠤ ᠠᠬᠤᠶᠢᠯᠠᠯ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠣᠶᠢᠯᠠᠭᠠᠭᠳᠠᠬᠤᠨ ᠢ ᠪᠠᠷᠢᠮᠲᠠᠯᠠᠵᠤ᠂ ᠮᠠᠨ ᠤ ᠬᠤᠲᠠ ᠶᠢᠨ ᠭᠤᠤᠯᠳᠠᠯᠭ᠎ᠠ ᠪᠣᠯᠬᠤ ᠠᠵᠤ ᠠᠬᠤᠶᠢᠯᠠᠯ ᠢ ᠣᠯᠠᠨ ᠤᠳᠠᠭ᠎ᠠ ᠰᠤᠷᠪᠤᠯᠵᠢᠯᠠᠨ ᠪᠠᠶᠢᠴᠠᠭᠠᠨ ᠰᠤᠳᠤᠯᠵᠤ᠂ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠬᠡᠷᠡᠭᠴᠡᠭᠡ ᠶᠢ ᠣᠶᠢᠯᠠᠭᠠᠵᠤ᠂ ᠬᠤᠳᠠᠯᠳᠤᠭᠠᠨ ᠤ ᠨᠢᠭᠤᠴᠠ ᠶᠢᠨ ᠨᠢᠭᠤᠴᠠ ᠶᠢ ᠬᠠᠮᠠᠭᠠᠯᠠᠵᠤ ᠪᠠᠶᠢᠭ᠎ᠠ ᠪᠠᠶᠢᠳᠠᠯ ᠢ ᠡᠵᠡᠮᠰᠢᠪᠡ᠃ ︽ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠦᠢᠯᠡᠴᠢᠯᠡᠭᠡᠨ ᠤ ᠰᠠᠷ᠎ᠠ︾ ᠶᠢᠨ ᠠᠵᠢᠯᠯᠠᠭ᠎ᠠ ᠶᠢ ᠵᠠᠯᠭᠠᠭ᠎ᠠ ᠪᠠᠷ 2 ᠵᠢᠯ ᠵᠣᠬᠢᠶᠠᠨ ᠪᠠᠶᠢᠭᠤᠯᠤᠨ ᠥᠷᠨᠢᠭᠦᠯᠵᠦ᠂ ᠤᠬᠠᠭᠤᠯᠭ᠎ᠠ ᠶᠢᠨ ᠵᠠᠷᠯᠠᠯ ᠨᠠᠭᠠᠬᠤ᠂ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠰᠠᠨᠠᠭᠠᠴᠢᠯᠠᠭ᠎ᠠ ᠶᠢᠨ ᠪᠢᠴᠢᠭ ᠨᠡᠶᠢᠲᠡᠯᠡᠬᠦ᠂ ᠣᠯᠠᠨ ᠨᠡᠶᠢᠲᠡ ᠶᠢᠨ ᠳ᠋ᠤᠭᠠᠷ ᠲᠤ ︽ᠬᠤᠳᠠᠯᠳᠤᠭᠠᠨ ᠤ ᠨᠢᠭᠤᠴᠠ ᠶᠢᠨ ᠵᠢᠵᠢᠭ ᠬᠢᠴᠢᠶᠡᠯ ᠤᠨ ᠲᠠᠩᠬᠢᠮ︾ ᠤᠨ ᠲᠤᠰᠬᠠᠶ ᠪᠤᠯᠤᠩ ᠭᠠᠷᠭᠠᠬᠤ᠂ ᠰᠣᠯᠢᠯᠴᠠᠭ᠎ᠠ ᠬᠢᠵᠦ ᠦᠵᠡᠭᠦᠯᠦᠯᠭᠡ ᠶᠢᠨ ᠬᠤᠷᠠᠯ ᠬᠤᠷᠠᠯᠳᠤᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠢ ᠵᠢᠯᠣᠭᠤᠳᠤᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠭᠦᠨ ᠵᠣᠵᠠᠭᠠᠨ ᠨᠢᠭᠤᠴᠠ ᠶᠢ ᠬᠠᠮᠠᠭᠠᠯᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃    ᠭᠤᠷᠪᠠ ᠳᠤ᠂ ᠵᠢᠱᠢᠶ᠎ᠡ ᠦᠵᠡᠭᠦᠯᠬᠦ ︽ᠰᠢᠨ᠎ᠡ ᠥᠨᠳᠦᠷᠯᠢᠭ︾ ᠢ ᠬᠦᠭᠵᠢᠭᠦᠯᠪᠡ᠃ ᠠᠵᠤ ᠠᠬᠤᠶᠢᠯᠠᠯ ᠤᠨ ᠪᠠᠶᠢᠳᠠᠯ ᠢ ᠣᠶᠢᠯᠠᠭᠠᠨ ᠪᠤᠶᠢᠵᠢᠭᠤᠯᠬᠤ ᠶᠢ ᠥᠷᠨᠢᠭᠦᠯᠵᠦ᠂ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠥᠷᠲᠡᠭᠡ ᠴᠡᠭ ᠢ ᠬᠥᠭᠵᠢᠭᠦᠯᠦᠨ᠂ ᠪᠥᠬᠦ ᠬᠤᠲᠠ ᠶᠢᠨ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠵᠢᠱᠢᠶ᠎ᠡ ᠦᠵᠡᠭᠦᠯᠬᠦ ᠥᠷᠲᠡᠭᠡ ᠴᠡᠭ ᠢ ᠨᠡᠶᠢᠲᠡ 173 ᠪᠠᠶᠢᠭᠤᠯᠪᠠ᠂ ᠡᠭᠦᠨ ᠳᠤ᠄ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠬᠤᠯᠪᠣᠭ᠎ᠠ ᠠᠪᠬᠤ ᠭᠠᠵᠠᠷ 122᠂ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠵᠢᠯᠣᠭᠤᠳᠬᠤ ᠥᠷᠲᠡᠭᠡ 23᠂ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠵᠢᠱᠢᠶ᠎ᠡ ᠦᠵᠡᠭᠦᠯᠬᠦ ᠠᠵᠤ ᠠᠬᠤᠶᠢᠯᠠᠯ 28 ᠪᠠᠶᠢᠵᠤ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠠᠵᠤ ᠠᠬᠤᠶᠢᠯᠠᠯ ᠡᠵᠡᠨ ᠮᠡᠳᠡᠬᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ︾ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢᠨ ᠪᠠᠶᠢᠷᠢᠰᠢᠯ ᠢ ᠠᠩᠬ᠎ᠠ ᠠᠯᠬᠤᠮ ᠪᠠᠶᠢᠭᠤᠯᠪᠠ᠃    ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠨ ᠢᠶᠠᠷ ᠠᠵᠠ ᠲᠣᠬᠢᠶᠠᠯ ᠪᠣᠯᠭᠠᠵᠤ᠂ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠰᠢᠨ᠎ᠡ ᠵᠠᠭᠪᠤᠷ ᠢ ᠢᠳᠡᠪᠬᠢᠲᠡᠶ ᠪᠣᠶ ᠪᠣᠯᠭᠠᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠦᠷ᠎ᠡ ᠪᠦᠲᠦᠭᠡᠯ ᠪᠠ ᠲᠤᠷᠰᠢᠯᠭ᠎ᠠ ᠶᠢ ᠴᠢᠷᠮᠠᠶᠢᠨ ᠪᠣᠶ ᠪᠣᠯᠭᠠᠵᠤ᠂ ᠪᠥᠬᠦ ᠤᠯᠤᠰ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠢᠭ ᠲᠤ ︽ᠪᠤᠭᠤᠲᠤ ᠶᠢᠨ ᠲᠤᠷᠰᠢᠯᠭ᠎ᠠ︾ ᠨᠡᠮᠡᠷᠢᠯᠡᠨ᠎ᠡ᠃    
ᠢᠷᠡᠯᠲᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ