ᠪᠠᠶ᠋ᠬᠠᠣᠪᠤᠭ᠎ᠠ ᠲᠡᠮᠦᠷ ᠤᠨ ᠠᠭᠤᠷᠬᠠᠢ ︽ᠬᠤᠷᠢᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠠᠵᠢᠯᠲᠠᠨ ᠠᠵᠢᠯᠴᠢᠨ  ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ︾ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/16
    12 ᠳ᠋ᠤᠭᠠᠷ ᠰᠠᠷ᠎ᠠ ᠶᠢᠨ 16 ᠤ ᠡᠳᠦᠷ᠂ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠬᠤᠷᠢᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠠᠵᠢᠯᠲᠠᠨ ᠠᠵᠢᠯᠴᠢᠨ᠂ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠠᠵᠢᠯ ᠤᠨ ᠬᠤᠷᠠᠯ ᠲᠡᠮᠦᠷ ᠤᠨ ᠠᠭᠤᠷᠬᠠᠢ ᠶᠢᠨ ᠠᠯᠪᠠᠨ ᠠᠰᠠᠷ ᠤᠨ ᠵᠡᠭᠦᠨ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠬᠤᠷᠠᠯᠳᠤᠪᠠ᠃ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠳᠡᠳ᠋ ᠳᠠᠷᠤᠭ᠎ᠠ ᠸᠠᠩ ᠭᠦᠸᠧ ᠳ᠋ᠦᠩ᠂ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠠᠵᠢᠯᠴᠢᠨ ᠤ ᠡᠪᠯᠡᠯ ᠤᠨ ᠳᠡᠳ᠋ ᠲᠡᠷᠢᠭᠦᠯᠡᠭᠴᠢ᠂ ᠶᠡᠷᠦᠩᠬᠡᠶᠢᠯᠡᠭᠰᠡᠨ ᠬᠡᠯᠲᠡᠰ ︵ᠠᠵᠢᠯᠴᠢᠨ ᠤ ᠡᠪᠯᠡᠯ︶ ᠤᠨ ᠨᠠᠮ ᠤᠨ ᠡᠭᠦᠷ ᠤᠨ ᠱᠦᠵᠢ ᠬᠤᠤ ᡁᠢ ᠮᠢᠨ᠂ ᠰᠠᠨᠠᠯ ᠳᠤᠷᠠᠳᠤᠯᠭ᠎ᠠ ᠶᠢᠨ ᠵᠥᠪᠯᠡᠯ ᠤᠨ ᠭᠡᠰᠢᠭᠦᠨ᠂ ᠰᠠᠨᠠᠯ ᠳᠤᠷᠠᠳᠤᠯᠭ᠎ᠠ ᠶᠢ ᠳᠠᠭᠠᠭᠠᠨ ᠭᠦᠢᠴᠡᠳᠭᠡᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃
白云铁矿召开“第二十四届三次职工 会员代表大会”提案审查工作会议.jpg
    ᠬᠤᠷᠠᠯ ᠠᠴᠠ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠬᠤᠷᠢᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠠᠵᠢᠯᠳᠠᠨ ᠠᠵᠢᠯᠴᠢᠨ᠂ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠶᠡᠷᠦᠩᠬᠡᠢ ᠪᠠᠶᠢᠳᠠᠯ ᠢ ᠲᠠᠨᠢᠯᠴᠠᠭᠤᠯᠵᠤ᠂ ᠬᠡᠷᠡᠭ ᠪᠣᠯᠭᠠᠨ ᠳᠠᠩᠰᠠᠯᠠᠬᠤ ᠰᠠᠨᠠᠯ ᠳᠤᠷᠠᠳᠤᠯᠭ᠎ᠠ ᠶᠢ ᠳᠠᠭᠠᠭᠠᠨ ᠰᠢᠢᠳᠪᠦᠷᠢᠯᠡᠬᠦ ᠰᠠᠯᠠᠭ᠎ᠠ ᠮᠥᠴᠢᠷ ᠠᠴᠠ ᠪᠠᠶ᠋ᠬᠠᠣᠪᠤᠭ᠎ᠠ ᠶᠢᠨ ᠲᠡᠮᠦᠷ ᠤᠨ ᠠᠭᠤᠷᠬᠠᠢ ᠶᠢᠨ ᠬᠤᠷᠢᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠠᠵᠢᠯᠳᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠪᠣᠯᠭᠠᠨ ᠳᠠᠩᠰᠠᠯᠠᠬᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠪᠡ᠃    ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠬᠤᠷᠢᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠠᠵᠢᠯᠲᠠᠨ ᠠᠵᠢᠯᠴᠢᠨ᠂ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ 32 ᠬᠤᠪᠢ ᠰᠠᠨᠠᠯ ᠳᠤᠷᠠᠳᠤᠯᠭ᠎ᠠ ᠴᠤᠭᠯᠠᠭᠤᠯᠵᠤ᠂ ᠡᠮᠬᠢᠳᠬᠡᠬᠦ᠂ ᠬᠤᠷᠢᠶᠠᠩᠭᠤᠶᠢᠯᠠᠬᠤ᠂ ᠬᠡᠷᠡᠭ ᠢ ᠨᠡᠶᠢᠯᠡᠭᠦᠯᠬᠦ᠂ ᠠᠩᠬᠠᠨ ᠤ ᠬᠢᠨᠠᠯᠲᠠ ᠪᠠᠷ ᠳᠠᠮᠵᠢᠭᠤᠯᠤᠨ 29 ᠬᠤᠪᠢ ᠬᠦᠴᠦᠨ ᠲᠠᠢ ᠰᠠᠨᠠᠯ ᠳᠤᠷᠠᠳᠤᠯᠭ᠎ᠠ ᠶᠢ ᠨᠣᠲᠠᠯᠠᠵᠤ᠂ 3 ᠰᠠᠯᠠᠭ᠎ᠠ ᠮᠥᠴᠢᠷ ᠢᠶᠠᠷ 22 ᠬᠤᠪᠢ ᠬᠡᠷᠡᠭ ᠪᠣᠯᠭᠠᠨ ᠳᠠᠩᠰᠠᠯᠠᠬᠤ ᠰᠠᠨᠠᠯ ᠳᠤᠷᠠᠳᠤᠯᠭ᠎ᠠ ᠶᠢ ᠬᠠᠷᠢᠭᠤᠴᠠᠨ ᠭᠦᠢᠴᠡᠳᠬᠡᠨ ᠨᠠᠶᠢᠳᠠᠪᠤᠷᠢᠵᠢᠭᠤᠯᠪᠠ᠃ ᠨᠢᠭᠡ ᠵᠢᠯ ᠤᠨ ᠲᠤᠷᠰᠢ ᠡᠯ᠎ᠡ ᠨᠢᠭᠡᠴᠢ᠂ ᠳᠠᠭᠠᠭᠠᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ᠂ ᠰᠠᠨᠠᠯ ᠵᠥᠪᠯᠡᠯᠭᠡ ᠳᠤᠷᠠᠳᠤᠭᠴᠢᠳ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠵᠥᠪᠯᠡᠯᠭᠡ ᠶᠢᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠡᠷᠡᠭ ᠪᠣᠯᠭᠠᠨ ᠳᠠᠩᠰᠠᠯᠠᠭᠰᠠᠨ ᠰᠠᠨᠠᠯ ᠵᠥᠪᠯᠡᠯᠭᠡ ᠶᠢ ᠰᠢᠢᠳᠪᠦᠷᠢᠯᠡᠵᠦ ᠳᠠᠭᠤᠰᠭᠠᠭᠰᠠᠨ ᠨᠤᠷᠮ᠎ᠠ 100% ᠲᠤ ᠬᠦᠷᠪᠡ᠃    ᠸᠠᠩ ᠭᠦᠸᠧ ᠳ᠋ᠦᠩ ᠬᠤᠷᠠᠯ ᠳᠡᠭᠡᠷ᠎ᠡ ᠂ ᠡᠯ᠎ᠡ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠨᠢᠭᠡᠴᠢ ᠶᠢᠨ ᠬᠢᠨ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠨᠠᠯ ᠳᠤᠷᠠᠳᠤᠯᠭ᠎ᠠ ᠶᠢᠨ ᠠᠵᠢᠯ ᠢ ᠦᠷᠭᠦᠯᠵᠢᠯᠡᠨ ᠰᠠᠶᠢᠵᠢᠷᠠᠭᠤᠯᠵᠤ᠂ ᠰᠠᠨᠠᠯ ᠳᠤᠷᠠᠳᠤᠯᠭ᠎ᠠ ᠶᠢ ᠨᠠᠶᠢᠳᠠᠪᠤᠷᠢᠵᠢᠭᠤᠯᠬᠤ ᠨᠤᠷᠮ᠎ᠠ ᠪᠣᠯᠤᠨ ᠠᠵᠢᠯᠳᠠᠨ ᠠᠵᠢᠯᠴᠢᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ︽ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠦᠷ᠎ᠡ ᠳ᠋ᠦᠩ ᠲᠠᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠰᠢᠨ᠎ᠡ ᠶᠢ ᠡᠭᠦᠳᠬᠦ ᠬᠥᠭᠵᠢᠯᠲᠡ ᠪᠣᠯᠣᠨ ᠠᠷᠠᠳᠴᠢᠯᠠᠭᠰᠠᠨ ᠬᠠᠮᠢᠶᠠᠷᠤᠯᠲᠠ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠪᠠᠶ᠋ᠬᠠᠣᠪᠤᠭ᠎ᠠ ᠲᠡᠮᠦᠷ ᠤᠨ ᠠᠭᠤᠷᠬᠠᠢ