ᠮᠠᠨᠵᠤᠤᠷ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ᠂ | ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠬᠠᠮᠲᠤᠷᠠᠨ ᠲᠦᠷᠦᠭᠦᠦ ᠪᠦᠯᠦᠭ ᠤᠨ ︽ᠰᠣᠶᠣᠯ ᠤᠨ ᠤᠯᠤᠰ ᠤᠨ ᠡᠭᠦᠳᠡ︾ ᠭᠡᠵᠦ ᠨᠡᠷᠡᠶᠢᠳᠪᠡ᠃ | ᠡᠨᠡ ᠵᠢᠯ ᠤᠨ 3 ᠳ᠋ᠤᠭᠠᠷ ᠰᠠᠷ᠎ᠠ ᠳᠤ᠂ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠰᠣᠶᠣᠯ ᠪᠠ ᠵᠢᠭᠤᠯᠴᠢᠯᠠᠯ ᠤᠨ ᠶᠠᠮᠤᠨ ᠤ ᠪᠦᠬᠦ ᠤᠯᠤᠰ ᠤᠨ | ᠣᠯᠠᠨ ᠨᠡᠶᠢᠲᠡ ᠶᠢᠨ ᠰᠣᠶᠣᠯ ᠤᠨ ᠬᠥᠭᠵᠢᠯᠲᠡ ᠶᠢᠨ ᠲᠥᠪ ᠯᠦᠭᠡ ᠬᠠᠮᠲᠤᠷᠠᠨ ︽ᠰᠣᠶᠣᠯ ᠤᠨ ᠤᠯᠤᠰ ᠤᠨ ᠡᠭᠦᠳᠡ︾ ᠶᠢ ᠡᠭᠦᠳᠦᠨ ᠪᠠᠶᠢᠭᠤᠯᠬᠤ ᠵᠢᠴᠢ ᠲᠦᠷᠦᠭᠦᠦ ᠪᠦᠯᠦᠭ | ᠨᠡᠷᠡᠶᠢᠳᠬᠦ ᠠᠵᠢᠯ ᠢ ᠪᠠᠶᠢᠷᠢᠯᠠᠭᠤᠯᠤᠨ ᠦᠷᠨᠢᠭᠦᠯᠵᠦ᠂ ᠡᠯ᠎ᠡ ᠱᠠᠲᠤᠨ ᠤ ᠬᠢ ᠶᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠬᠤ ᠶᠢ ᠲᠦᠯᠬᠢᠨ ᠠᠬᠢᠭᠤᠯᠵᠤ᠂ ᠪᠦᠬᠦ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠰᠣᠶᠣᠯ ᠤᠨ ᠪᠠᠶᠢᠭᠤᠯᠤᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠬᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠪᠠᠷ ᠵᠣᠷᠢᠯᠭ᠎ᠠ ᠪᠣᠯᠭᠠᠪᠠ᠃ | ᠮᠠᠨᠵᠤᠤᠷ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠢ ᠲᠥᠯᠥᠪᠯᠡᠵᠦ᠂ ᠣᠨᠤᠪᠴᠢᠲᠠᠢ ᠡᠵᠡᠮᠰᠢᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠰᠢᠨᠵᠢᠯᠡᠬᠦ ᠤᠬᠠᠭᠠᠨᠴᠢ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ︽ᠬᠠᠮᠤᠭ ᠤᠨ ᠰᠣᠶᠣᠯ ᠲᠠᠢ ᠤᠯᠤᠰ ᠤᠨ ᠡᠭᠦᠳᠡ᠂ ᠬᠠᠮᠤᠭ ᠤᠨ ᠰᠣᠶᠣᠯ ᠲᠠᠢ ᠡᠩᠨᠡᠭᠡ ᠶᠢ ᠪᠠᠶᠢᠭᠤᠯᠬᠤ︾ ᠬᠠᠷᠠᠯᠲᠠ ᠶᠢ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠬᠢᠯᠢ ᠶᠢᠨ ᠰᠣᠶᠣᠯ︾ ᠤᠨ ᠲᠥᠷᠥᠯ ᠲᠡᠮᠳᠡᠭ ᠤᠨ ᠪᠠᠶᠢᠭᠤᠯᠤᠯᠲᠠ ᠶᠢᠨ ᠶᠡᠭᠡ ᠲᠠᠯ᠎ᠠ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠲᠦᠷᠦᠯ ᠲᠡᠮᠳᠡᠭᠵᠢᠭᠦᠯᠦᠨ ᠬᠦᠭᠵᠢᠭᠦᠯᠬᠦ᠂ ᠲᠥᠷᠥᠯ ᠵᠦᠢᠯᠴᠢᠯᠡᠬᠦ ᠶᠢ ᠪᠠᠷᠢᠮᠲᠠᠯᠠᠵᠤ᠂ ︽ᠲᠡᠦᠬᠡ ᠶᠢ ᠵᠤᠵᠠᠭᠠᠳᠭᠠᠬᠤ᠂ ᠡᠬᠢ | ᠪᠠᠶᠠᠯᠢᠭ ᠤᠨ ᠳᠠᠪᠠᠭᠤᠯᠢᠭ ᠢ ᠲᠥᠪᠯᠡᠷᠡᠭᠦᠯᠬᠦ᠂ ᠡᠭᠦᠷᠭᠡ ᠴᠢᠳᠠᠪᠤᠷᠢ ᠶᠢᠨ ᠡᠭᠦᠷᠭᠡ ᠶᠢ ᠳᠣᠪᠤᠶᠢᠯᠭᠠᠬᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠬᠤ︾ ᠶᠡᠷᠦᠩᠬᠡᠢ | ᠰᠡᠳᠭᠢᠴᠡ ᠶᠢᠨ ᠲᠣᠭᠤᠷᠢᠨ ᠳᠤ᠂ ︽ᠰᠣᠶᠣᠯ ᠤᠨ ᠤᠯᠤᠰ ᠤᠨ ᠡᠭᠦᠳᠡ︾ ᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠬᠥᠨᠳᠡᠯᠡᠨ | ᠭᠤᠯᠳᠤ ᠪᠠᠷ ᠨᠡᠶᠢᠯᠡᠭᠦᠯᠬᠦ ᠪᠠ ᠵᠠᠳᠠᠷᠠᠭᠤᠯᠬᠤ᠂ ᠳᠣᠲᠣᠭᠠᠳᠤ ᠭᠠᠳᠠᠭᠠᠳᠤ ᠶᠢᠨ ᠬᠠᠮᠵᠢᠯᠴᠠᠭᠰᠠᠨ ᠰᠣᠶᠣᠯ ᠤᠨ ᠵᠢᠭᠰᠠᠭᠠᠯ ᠪᠠᠶᠢᠭᠤᠯᠵᠤ᠂ ᠣᠶᠣᠨ ᠤ ᠰᠣᠶᠣᠯᠤ᠋ᠯᠠᠭᠠᠨ ᠤ | ᠬᠠᠩᠭᠠᠯᠭ᠎ᠠ ᠪᠠ ᠦᠨᠳᠦᠰᠦᠨ ᠱᠠᠳᠤᠨ ᠤ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠪᠠ᠃ | ᠡᠷᠴᠢ ᠵᠣᠷᠢᠭ ᠢᠶᠠᠨ ᠬᠥᠪᠴᠢᠯᠡᠵᠦ᠂ ᠰᠣᠶᠣᠯ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠪᠠᠬᠢᠵᠢᠭᠦᠯᠦᠨ ᠴᠢᠩᠭᠠᠳᠬᠠᠪᠠ᠃ ᠮᠠᠨᠵᠤᠤᠷ ᠤᠨ ᠬᠢᠯᠢ ᠪᠠᠷ | ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ︽ᠳᠣᠯᠣᠭᠠᠨ ᠥᠩᠭᠡ ᠶᠢᠨ ᠰᠣᠶᠣᠯ︾ ᠤᠨ ᠲᠣᠭᠲᠠᠯᠴᠠᠭ᠎ᠠ ᠶᠢ ᠳᠠᠪᠲᠠᠨ ᠪᠣᠯᠪᠠᠰᠤᠷᠠᠭᠤᠯᠵᠤ᠂ | ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠰᠣᠶᠣᠯ ᠤᠨ ᠲᠥᠪ᠂ ᠤᠯᠤᠰ ᠤᠨ ᠡᠭᠦᠳᠡ ᠶᠢᠨ ᠬᠤᠪᠢᠰᠬᠠᠯ ᠤᠨ ᠡᠬᠢ ᠪᠠᠶᠠᠯᠢᠭ ᠢ ᠰᠠᠭᠤᠭ᠎ᠠ ᠭᠠᠵᠠᠷ ᠤᠨ ᠰᠣᠶᠣᠯ ᠤᠨ | ᠲᠣᠭᠲᠠᠯᠴᠠᠭ᠎ᠠ ᠶᠢᠨ ᠪᠠᠶᠢᠭᠤᠯᠤᠯᠲᠠ ᠳᠤ ᠠᠭᠤᠰᠤᠯᠴᠠᠭᠤᠯᠬᠤ ᠶᠢ ᠴᠥᠬᠦᠷᠡᠰᠢ ᠦᠭᠡᠢ ᠠᠬᠢᠭᠤᠯᠵᠤ᠂ ᠵᠠᠯᠠᠭᠤᠴᠤᠳ ᠪᠠᠭᠠᠴᠤᠳ ᠤᠨ ᠦᠢᠯᠡᠳᠦᠯᠭᠡ ᠪᠣᠯᠪᠠᠰᠤᠷᠠᠯ ᠤᠨ ᠰᠠᠭᠤᠷᠢᠨ | ᠭᠠᠵᠠᠷ᠂ ᠨᠠᠮᠴᠢ ᠴᠢᠨᠠᠷ ᠤᠨ ᠬᠥᠮᠦᠵᠢᠯ ᠦᠢᠯᠡᠳᠦᠯ ᠤᠨ ᠰᠠᠭᠤᠷᠢᠨ ᠭᠠᠵᠠᠷ ᠵᠡᠷᠭᠡ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠥᠯᠥᠭᠡᠯᠡᠬᠦ ᠬᠦᠷᠢᠶ᠎ᠡ | ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠭᠡᠨ᠂ ᠰᠣᠶᠣᠯ ᠤᠨ ᠵᠢᠭᠰᠠᠭᠠᠯ ᠤᠨ ᠭᠠᠵᠠᠷ ᠤᠨ ᠰᠠᠭᠤᠭ᠎ᠠ ᠭᠠᠵᠠᠷ ᠤᠨ ᠴᠢᠳᠠᠮᠵᠢ ᠦᠢᠯᠡᠳᠦᠯ ᠢ ᠦᠷᠭᠡᠳᠬᠡᠵᠦ᠂ ᠠᠷᠠᠳ ᠢ | ᠨᠡᠭᠦᠯᠭᠡᠬᠦ ᠬᠠᠮᠢᠶᠠᠷᠤᠯᠲᠠ ᠶᠢᠨ ᠰᠣᠶᠤᠯ ᠤᠨ ᠭᠠᠳᠠᠭᠰᠢ ᠳᠡᠯᠭᠡᠷᠡᠬᠦ ᠦᠢᠯᠡᠳᠦᠯ ᠢ ᠲᠠᠰᠤᠷᠠᠯᠲᠠ ᠦᠭᠡᠢ ᠨᠡᠮᠡᠭᠳᠡᠭᠦᠯᠪᠡ᠃ | ᠰᠣᠶᠣᠯ ᠤᠨ ᠡᠩᠨᠡᠭᠡᠨ ᠤ ᠪᠣᠳᠠᠲᠤ ᠬᠦᠴᠦᠨ ᠢ ᠣᠯᠠᠨ ᠲᠠᠯ᠎ᠠ ᠴᠢᠷᠮᠠᠶᠢᠨ ᠳᠡᠭᠡᠭᠰᠢᠯᠡᠭᠦᠯᠪᠡ᠃ ᠮᠠᠨᠵᠤᠤᠷ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ | ᠪᠠᠶᠢᠴᠠᠭᠠᠬᠤ ᠥᠷᠲᠡᠭᠡ ᠨᠢ ᠤᠯᠤᠰ ᠤᠨ ᠡᠭᠦᠳᠡ᠂ ᠬᠢᠯᠢ ᠶᠢᠨ ᠬᠥᠰᠢᠶ᠎ᠡ ᠵᠡᠷᠭᠡ ᠭᠠᠵᠠᠷ ᠤᠨ ᠲᠡᠮᠳᠡᠭ ᠲᠠᠢ ᠲᠠᠯᠠᠪᠤᠷ ᠢ ᠭᠦᠢᠴᠡᠳ ᠠᠰᠢᠭᠯᠠᠨ ᠰᠣᠶᠣᠯ ᠤᠨ ᠰᠣᠯᠢᠯᠴᠠᠭᠠᠨ ᠤ | ᠠᠵᠢᠯᠯᠠᠭ᠎ᠠ ᠥᠷᠨᠢᠭᠦᠯᠵᠦ᠂ ᠭᠠᠳᠠᠭᠠᠳᠤ ᠬᠠᠷᠢᠯᠴᠠᠭᠠᠨ ᠤ ᠠᠷᠭ᠎ᠠ ᠵᠠᠮ ᠢᠶᠠᠨ ᠢᠳᠡᠪᠬᠢᠲᠡᠶ ᠥᠷᠭᠡᠳᠬᠡᠨ᠂ ᠰᠣᠶᠣᠯ ᠤᠨ ᠡᠩᠨᠡᠭᠡᠨ ᠤ ᠦᠢᠯᠡᠳᠦᠯ ᠢᠶᠠᠨ ᠪᠠᠳᠠᠷᠠᠭᠤᠯᠬᠤ ᠶᠢ | ᠴᠢᠩᠭᠠᠳᠬᠠᠵᠤ᠂ ᠨᠢᠭᠡᠳᠦᠯᠲᠡᠶ ᠲᠥᠯᠥᠪᠯᠡᠨ ᠬᠠᠮᠵᠢᠯᠴᠠᠬᠤ᠂ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠬᠤ᠂ ᠰᠠᠶᠢᠨ ᠰᠠᠶᠢᠬᠠᠨ ᠬᠤᠷᠰᠢᠯᠴᠠᠬᠤ ᠠᠵᠢᠯ ᠤᠨ ᠪᠠᠶᠢᠳᠠᠯ ᠢ ᠪᠣᠶ | ᠪᠣᠯᠭᠠᠵᠤ᠂ ᠤᠷᠢᠳ ᠬᠤᠵᠢᠳ ᠰᠠᠭᠤᠭ᠎ᠠ ᠭᠠᠵᠠᠷ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠡᠷᠭᠡ 8 ᠨᠢᠭᠡᠴᠢ ᠲᠠᠢ ᠰᠣᠶᠣᠯ ᠤᠨ | ᠬᠠᠮᠲᠤᠷᠠᠯᠴᠠᠭ᠎ᠠ ᠶᠢ ᠬᠠᠮᠲᠤ ᠪᠠᠷ ᠪᠠᠶᠢᠭᠤᠯᠬᠤ ᠬᠡᠯᠡᠯᠴᠡᠭᠡᠷ ᠤᠨ ᠪᠢᠴᠢᠭ ᠲᠣᠭᠲᠠᠵᠤ᠂ ᠰᠣᠶᠣᠯ ᠤᠨ ᠡᠬᠢ ᠪᠠᠶᠠᠯᠢᠭ ᠢ ᠠᠭᠤᠰᠤᠯᠴᠠᠭᠤᠯᠤᠨ ᠬᠠᠮᠲᠤ ᠪᠠᠷ ᠡᠳ᠋ᠯᠡᠬᠦ ᠠᠵᠢᠯ ᠤᠨ | ᠲᠣᠭᠲᠠᠴᠠ ᠶᠢ ᠪᠠᠶᠢᠭᠤᠯᠪᠠ᠃ ᠡᠨᠡ ᠵᠢᠯ ᠠᠴᠠ ᠨᠠᠭᠠᠰᠢ᠂ ︽ᠤᠮᠠᠷᠠᠲᠤ ᠬᠢᠯᠢ ᠳᠤ ᠭᠦᠨᠵᠡᠭᠡᠶᠢᠷᠡᠨ ᠠᠭᠤᠤ ᠶᠡᠭᠡ ᠦᠢᠯᠡᠰ ᠪᠦᠲᠦᠭᠡᠵᠦ ᠤᠯᠤᠰ ᠤᠨ ᠡᠭᠦᠳᠡᠨ ᠤ ᠴᠠᠭᠳᠠᠭᠠᠨ ᠤ | ᠬᠤᠸᠠᠷᠠᠨ ᠢ ᠡᠭᠦᠳᠦᠨ ᠪᠠᠶᠢᠭᠤᠯᠤᠶ᠎ᠠ︾ ᠭᠡᠬᠦ ᠰᠣᠶᠣᠯ ᠤᠨ ᠤᠯᠤᠰ ᠤᠨ ᠡᠭᠦᠳᠡᠨ ᠤ ᠭᠤᠤᠯ ᠰᠡᠳᠦᠪᠲᠦ ᠲᠣᠬᠤᠨᠢᠭᠤᠯᠬᠤ ᠲᠣᠭᠯᠠᠯᠲᠠ᠂ ︽ᠬᠠᠨ ᠮᠥᠸᠧ ᠴᠠᠭᠳᠠᠭᠠᠨ ᠤ | ᠰᠡᠳᠬᠢᠯ ᠢ ᠤᠮᠳᠠᠯᠠᠬᠤ︾ ᠤᠷᠠᠨ ᠪᠢᠴᠢᠯᠭᠡ ᠶᠢᠨ ᠰᠣᠯᠢᠯᠴᠠᠭᠠᠨ ᠤ ᠠᠵᠢᠯᠯᠠᠭ᠎ᠠ ᠵᠡᠷᠭᠡ 20 ᠭᠠᠷᠤᠶ ᠲᠠᠯᠠᠪᠤᠷ ᠠᠵᠢᠯᠯᠠᠭ᠎ᠠ ᠥᠷᠨᠢᠭᠦᠯᠵᠦ᠂ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠰᠠᠶᠢᠨ ᠦᠨᠡᠯᠡᠯᠲᠡ ᠶᠢ ᠣᠯᠵᠠᠶ᠃ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠣᠶᠣᠯ ᠤᠨ ᠵᠢᠭᠰᠠᠭᠠᠯ ᠤᠨ ᠭᠠᠵᠠᠷ ᠤᠨ ᠨᠥᠯᠥᠭᠡ ᠶᠢ ᠪᠦᠬᠦ ᠲᠠᠯ᠎ᠠ ᠪᠠᠷ ᠦᠷᠭᠡᠳᠭᠡᠪᠡ᠃ ᠡᠨᠡ ᠵᠢᠯ᠂ | ᠮᠠᠨᠵᠤᠤᠷ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠵᠣᠬᠢᠶᠠᠨ ᠪᠠᠶᠢᠭᠤᠯᠤᠭᠰᠠᠨ ᠰᠣᠶᠣᠯ ᠤᠨ ᠪᠦᠲᠦᠭᠡᠯ 50 ᠭᠠᠷᠤᠢ | ᠪᠠᠶᠢᠵᠤ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠠᠢ ᠬᠠᠮᠲᠤᠷᠠᠨ ︽ᠤᠯᠤᠰ ᠤᠨ ᠡᠭᠦᠳᠡ ᠬᠢᠭᠡᠳ ᠪᠢ︾ ᠭᠡᠬᠦ ᠨᠠᠮ ᠤᠨ ᠭᠡᠰᠢᠭᠦᠨ ᠤ | ᠬᠥᠮᠦᠵᠢᠯ ᠤᠨ ᠲᠧᠯᠸᠢᠰ ᠺᠢᠨᠤ᠋ ᠨᠡᠶᠢᠭᠡᠮ ᠤᠨ ᠰᠠᠶᠢᠨ ᠰᠠᠶᠢᠬᠠᠨ ᠲᠤᠰᠬᠠᠯ ᠣᠯᠵᠤ᠂ 3 ᠰᠣᠶᠣᠯ ᠤᠨ ᠵᠢᠭᠰᠠᠭᠠᠯ ᠤᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ | ᠶᠡᠷᠦᠩᠬᠡᠢ ᠡᠪᠯᠡᠯ ᠤᠨ ︽ᠤᠮᠠᠷᠠᠲᠤ ᠬᠢᠯᠢ ᠶᠢᠨ ᠦᠵᠡᠰᠭᠦᠯᠡᠩᠲᠦ ᠰᠠᠶᠢᠬᠠᠨ ᠪᠣᠭᠤᠮᠲᠠ ᠶᠢᠨ ᠠᠵᠢᠯᠴᠢᠨ ᠤ ᠡᠪᠯᠡᠯ︾ ᠢ ᠠᠬᠢᠭᠤᠯᠬᠤ ᠬᠤᠷᠠᠯ ᠳᠡᠭᠡᠷ᠎ᠡ ᠳᠡᠯᠭᠡᠨ ᠦᠵᠡᠭᠦᠯᠪᠡ︔ | ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ ᠰᠠᠭᠤᠷᠢᠯᠠᠵᠤ᠂ ︽ᠤᠯᠤᠰ ᠤᠨ ᠡᠭᠦᠳᠡᠨ ᠤ ᠨᠢᠭᠡᠳᠦᠭᠡᠷ ᠠᠵᠢᠯ ᠤᠨ ᠪᠠᠶᠢᠷᠢ︾ ᠵᠡᠷᠭᠡ ᠲᠦᠷᠦᠯ ᠲᠡᠮᠳᠡᠭ ᠤᠨ ᠠᠭᠤᠯᠭ᠎ᠠ ᠶᠢ | ᠤᠬᠠᠭᠠᠯᠠᠨ ᠰᠡᠳᠦᠵᠦ᠂ ᠠᠷᠠᠳ ᠤᠨ ᠡᠳᠦᠷ ᠤᠨ ᠰᠣᠨᠢᠨ᠂ ᠰᠢᠨᠬᠤᠸᠠ ᠬᠤᠷᠢᠶ᠎ᠠ᠂ ᠠᠷᠠᠳ ᠤᠨ ᠳᠣᠲᠣᠭᠠᠳᠤ ᠶᠢ ᠬᠠᠮᠠᠭᠠᠯᠠᠬᠤ ᠰᠣᠨᠢᠨ ᠵᠡᠷᠭᠡ ᠭᠤᠣᠯ ᠵᠠᠭᠤᠴᠢᠯᠠᠭᠤᠷ ᠲᠤ | ︽︿ᠤᠯᠤᠰ ᠤᠨ ᠡᠭᠦᠳᠡᠨ ᠤ ᠨᠢᠭᠡᠳᠦᠭᠡᠷ ᠠᠵᠢᠯ ᠤᠨ ᠪᠠᠶᠢᠷᠢ﹀ ᠲᠠᠢ ᠣᠶᠢᠷᠠᠳᠬᠤ︾᠂ ︽ᠬᠠᠳᠠᠭᠠᠰᠤ ᠬᠠᠳᠠᠬᠤ ᠮᠡᠲᠦ ᠡᠷᠡᠰ ᠪᠠᠲᠤ ᠪᠠᠷᠢᠮᠲᠠᠯᠠᠬᠤ︾᠂ ︽︿ᠬᠢᠯᠢ ᠶᠢᠨ | ᠬᠠᠮᠠᠭᠠᠯᠠᠭᠴᠢ﹀ ᠤᠯᠤᠰ ᠤᠨ ᠡᠭᠦᠳᠡᠨ ᠤ ᠳᠣᠣᠷ᠎ᠠ ᠵᠠᠯᠠᠭᠤ ᠨᠠᠰᠤᠨ ᠤ ᠦᠯᠢᠭᠡᠷ ᠢ ᠶᠠᠷᠢᠭᠰᠠᠨ ᠨᠢ︾ ᠵᠡᠷᠭᠡ ᠡᠬᠡ ᠪᠢᠴᠢᠭ ᠢ 400 ᠭᠠᠷᠤᠢ ᠬᠤᠪᠢ ᠨᠡᠶᠢᠲᠡᠯᠡᠵᠦ᠂ 4 ᠰᠢᠯᠢᠳᠡᠭ | ᠪᠦᠲᠦᠭᠡᠯ ᠨᠢ ᠪᠦᠬᠦ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠰᠢᠰᠲ᠋ᠧᠮ ᠤᠨ 2024 ᠣᠨ ᠤ ︽ᠰᠠᠶᠢᠨ ᠰᠣᠨᠢᠨ ᠮᠡᠳᠡᠭᠡ︾ ᠪᠠᠷ ᠦᠨᠡᠯᠡᠭᠳᠡᠵᠦ᠂ | ︽ᠰᠣᠶᠣᠯ ᠤᠨ ᠤᠯᠤᠰ ᠤᠨ ᠡᠭᠦᠳᠡ︾ ᠶᠢᠨ ᠲᠦᠷᠦᠯ ᠲᠡᠮᠳᠡᠭ ᠢ ᠡᠭᠦᠳᠬᠦ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠠᠢ᠃ | |