ᠣᠶᠢᠷ᠎ᠠ ᠳᠤ᠂ ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ 2024 ᠣᠨ ᠤ ᠲᠡᠷᠢᠭᠦᠨ ᠤ ᠦᠢᠯᠡᠳᠬᠦ ᠦᠢᠯᠡᠰ ᠤᠨ ᠪᠦᠯᠦᠭᠯᠡᠯ ᠤᠨ | ᠤᠷᠤᠯᠳᠤᠭᠠᠨ ᠳᠤ ᠢᠯᠠᠯᠲᠠ ᠣᠯᠤᠭᠰᠠᠨ ᠪᠦᠯᠦᠭᠯᠡᠯ ᠤᠨ ᠨᠡᠷᠡᠰ ᠢ ᠵᠠᠷᠯᠠᠨ ᠨᠡᠶᠢᠲᠡᠯᠡᠵᠦ ᠳᠠᠭᠤᠰᠪᠠ᠂ ᠪᠤᠭᠤᠲᠤ ᠶᠢᠨ ᠬᠤᠪᠣᠷ ᠰᠢᠷᠤᠢ ᠶᠢᠨ ᠰᠢᠨ᠎ᠡ ᠮᠠᠲ᠋ᠧᠷᠢᠶᠠᠯ ᠤᠨ | ᠪᠦᠯᠦᠭᠯᠡᠯ ᠠᠮᠵᠢᠯᠲᠠ ᠲᠠᠢ ᠰᠣᠩᠭᠤᠭᠳᠠᠪᠠ᠂ ᠡᠨᠡ ᠪᠣᠯ ᠪᠦᠬᠦ ᠤᠯᠤᠰ ᠤᠨ ᠴᠣᠷ ᠤᠨ ᠭᠠᠭᠴᠠ ᠢᠯᠠᠯᠲᠠ ᠤᠯᠤᠭᠰᠠᠨ ᠬᠤᠪᠣᠷ ᠰᠢᠷᠤᠢ ᠶᠢᠨ ᠲᠡᠷᠢᠭᠦᠨ ᠤ ᠦᠢᠯᠡᠳᠬᠦ | ᠦᠢᠯᠡᠰ ᠤᠨ ᠪᠦᠯᠦᠭᠯᠡᠯ ᠪᠣᠯᠤᠨ᠎ᠠ᠃ | 2024 ᠣᠨ ᠤ 6 ᠳ᠋ᠤᠭᠠᠷ ᠰᠠᠷ᠎ᠠ ᠠᠴᠠ ᠡᠬᠢᠯᠡᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ 2024 ᠣᠨ ᠤ ᠲᠡᠷᠢᠭᠦᠨ ᠤ ᠦᠢᠯᠡᠳᠬᠦ | ᠦᠢᠯᠡᠰ ᠤᠨ ᠪᠦᠯᠦᠭᠯᠡᠯ ᠤᠨ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠯᠡᠯ ᠢ ᠰᠣᠩᠭᠤᠪᠠ᠃ | ᠳᠤᠭᠤᠶᠢᠯᠠᠩ ᠤᠨ ᠤᠷᠤᠯᠳᠤᠭᠠᠨ ᠪᠠ ᠶᠡᠷᠦᠩᠬᠡᠢᠯᠡᠭᠰᠡᠨ ᠤᠷᠤᠯᠳᠤᠭᠠᠨ ᠤ 2 ᠡᠭᠡᠯᠵᠢ ᠶᠢᠨ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠪᠠᠷ ᠳᠠᠮᠵᠢᠨ 35 | ᠪᠦᠯᠦᠭᠯᠡᠯ ᠢᠯᠠᠯᠲᠠ ᠣᠯᠪᠠ᠃ | ᠬᠤᠪᠣᠷ ᠰᠢᠷᠤᠢ ᠶᠢᠨ ᠨᠥᠭᠡᠴᠡ ᠳᠡᠯᠡᠬᠡᠢ ᠶᠢᠨ ᠨᠢᠭᠡᠳᠦᠭᠡᠷ ᠡᠬᠢ ᠪᠠᠶᠠᠯᠢᠭ ᠲᠤ ᠪᠠᠨ ᠲᠦᠰᠢᠭᠯᠡᠨ᠂ ᠣᠶᠢᠷ᠎ᠠ ᠶᠢᠨ ᠬᠡᠳᠦᠨ ᠵᠢᠯ ᠳᠤ᠂ ᠪᠤᠭᠤᠲᠤ ᠬᠤᠲᠠ ᠲᠥᠷᠥᠯ | ᠵᠦᠢᠯ ᠢ ᠲᠡᠳᠡᠨ ᠣᠷᠣᠭᠤᠯᠵᠤ᠂ ᠵᠠᠬ᠎ᠠ ᠳᠡᠯᠭᠡᠭᠦᠷ ᠢ ᠥᠷᠭᠡᠳᠭᠡᠨ᠂ ᠣᠳᠣᠬᠠᠨ ᠳᠤ᠂ ᠪᠦᠬᠦ ᠤᠯᠤᠰ ᠤᠨ ᠠᠩᠬᠠᠳᠠᠭᠴᠢ ᠬᠤᠪᠣᠷ ᠰᠢᠷᠤᠢ ᠶᠢᠨ ᠰᠢᠨ᠎ᠡ ᠮᠠᠲ᠋ᠧᠷᠢᠶᠠᠯ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠢᠩᠬᠢᠨᠢ ᠪᠠᠷ ᠠᠵᠢᠯᠯᠠᠪᠠ︔ ᠪᠦᠬᠦ ᠪᠥᠮᠪᠥᠷᠴᠡᠭ ᠤᠨ ᠲᠡᠷᠢᠭᠦᠨ ᠤ ᠬᠤᠪᠣᠷ ᠰᠢᠷᠤᠢ ᠶᠢᠨ ᠪᠣᠯᠣᠳ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠨᠢᠭᠡᠨᠲᠡ ᠪᠠᠶᠢᠭᠤᠯᠵᠤ᠂ ᠪᠦᠬᠦ ᠵᠢᠯ ᠤᠨ ᠭᠠᠷᠤᠯᠲᠠ 135 ᠲᠦᠮᠡᠨ ᠲᠤᠨ ᠳᠤ ᠬᠦᠷᠬᠦ ᠪᠠᠷ ᠵᠢᠱᠢᠵᠦ ᠪᠤᠢ︔ ᠪᠦᠬᠦ ᠤᠯᠤᠰ ᠤᠨ ᠶᠡᠷᠦᠩᠬᠡᠶᠢᠯᠡᠭᠰᠡᠨ ᠪᠣᠳᠠᠲᠤ | ᠬᠦᠴᠦᠨ ᠡᠮᠦᠨ᠎ᠡ 10 ᠶᠢᠨ ᠰᠣᠷᠢᠨᠵᠢᠨ ᠮᠠᠲ᠋ᠧᠷᠢᠶᠠᠯ ᠤᠨ 7 ᠠᠵᠤ ᠠᠬᠤᠶᠢᠯᠠᠯ ᠨᠢᠭᠡᠨᠲᠡ ᠪᠤᠭᠤᠲᠤ ᠳᠤ ᠰᠠᠭᠤᠷᠢᠰᠢᠪᠠ᠃ ᠬᠤᠪᠣᠷ ᠰᠢᠷᠤᠢ ᠶᠢᠨ ᠰᠢᠨ᠎ᠡ ᠮᠠᠲ᠋ᠧᠷᠢᠶᠠᠯ ᠤᠨ | ᠦᠢᠯᠡᠳᠪᠦᠷᠢᠯᠡᠬᠦ ᠴᠢᠳᠠᠪᠤᠷᠢ ᠡᠨᠡ ᠵᠢᠯ ᠤᠨ ᠡᠴᠦᠰ ᠲᠤ 27 ᠲᠦᠮᠡᠨ ᠲᠤᠨ ᠠᠴᠠ ᠳᠡᠭᠡᠭᠰᠢ ᠳᠤ ᠬᠦᠷᠴᠦ᠂ ᠬᠤᠪᠣᠷ ᠰᠢᠷᠤᠢ ᠶᠢ ᠮᠠᠯᠲᠠᠵᠤ ᠰᠣᠩᠭᠤᠬᠤ᠂ ᠬᠠᠶᠢᠯᠤᠭᠤᠯᠵᠤ | ᠰᠠᠯᠭᠠᠬᠤ᠂ ᠮᠠᠲ᠋ᠧᠷᠢᠶᠠᠯ ᠦᠢᠯᠡᠳᠬᠦ᠂ ᠳᠣᠣᠷᠠᠲᠤ ᠤᠷᠤᠰᠬᠠᠯ ᠤᠨ ᠬᠡᠷᠡᠭᠯᠡᠯᠲᠡ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠡᠯ᠎ᠡ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ | ᠨᠡᠭᠡᠭᠡᠬᠦ ᠬᠠᠩᠭᠠᠯᠭ᠎ᠠ ᠶᠢᠨ ᠲᠣᠭᠲᠠᠯᠴᠠᠭ᠎ᠠ ᠪᠦᠬᠦ ᠲᠠᠯ᠎ᠠ ᠪᠠᠷ ᠨᠡᠪᠲᠡᠷᠡᠵᠦ᠂ ᠪᠤᠭᠤᠲᠤ ᠨᠢᠭᠡᠨᠲᠡ ᠪᠦᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠤᠢ ᠶᠢᠨ ᠰᠢᠨ᠎ᠡ | ᠮᠠᠲ᠋ᠧᠷᠢᠶᠠᠯ ᠤᠨ ᠰᠠᠭᠤᠷᠢᠨ ᠭᠠᠵᠠᠷ ᠪᠣᠯᠤᠭᠰᠠᠨ ᠪᠠᠶᠢᠨ᠎ᠠ᠃ | ᠪᠤᠭᠤᠲᠤ ᠶᠢᠨ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠯᠡᠯ ᠤᠨ ᠭᠤᠣᠯ ᠠᠵᠤ ᠠᠬᠤᠶᠢᠯᠠᠯ ᠪᠣᠯᠬᠤ ᠳᠤᠮᠳᠠᠳᠤ | ᠤᠯᠤᠰ ᠤᠨ ᠤᠮᠠᠷᠠᠲᠤ ᠶᠢᠨ ᠬᠤᠪᠣᠷ ᠰᠢᠷᠣᠢ ︵ᠪᠦᠯᠦᠭᠯᠡᠯ︶ ᠪᠣᠯ ᠪᠦᠬᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ᠂ ᠦᠢᠯᠡᠳᠬᠦᠨ ᠤ ᠦᠷᠳᠡᠭ ᠢᠶᠠᠷ ᠬᠠᠮᠤᠭ ᠤᠨ | ᠥᠨᠳᠥᠷ᠂ ᠠᠵᠤ ᠦᠢᠯᠡᠰ ᠤᠨ ᠬᠡᠯᠬᠢᠶ᠎ᠡ ᠶᠢᠨ ᠲᠣᠭᠲᠠᠯᠴᠠᠭ᠎ᠠ ᠪᠠᠷ ᠬᠠᠮᠤᠭ ᠤᠨ ᠪᠦᠷᠢᠨ ᠪᠦᠲᠦᠨ ᠪᠦᠯᠦᠭᠯᠡᠯᠲᠦ ᠠᠵᠤ ᠠᠬᠤᠶᠢᠯᠠᠯ ᠪᠣᠯᠤᠨ᠎ᠠ᠂ ᠰᠣᠷᠢᠨᠵᠢᠨ ᠮᠠᠲ᠋ᠧᠷᠢᠶᠠᠯ᠂ | ᠤᠰᠤᠲᠥ᠋ᠷᠥᠭᠴᠢ ᠬᠠᠳᠠᠭᠠᠯᠠᠬᠤ᠂ ᠬᠢᠯᠠᠶᠢᠯᠭᠠᠬᠤ᠂ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠵᠡᠷᠭᠡ ᠨᠢᠭᠡ ᠪᠦᠯᠦᠭ ᠴᠢᠨᠠᠷ ᠰᠠᠶᠢᠲᠠᠢ ᠠᠵᠤ ᠠᠬᠤᠶᠢᠯᠠᠯ ᠤᠨ ᠬᠠᠮᠵᠢᠯᠴᠠᠨ | ᠬᠥᠭᠵᠢᠬᠦ ᠶᠢ ᠲᠠᠶᠢᠴᠢᠯᠠᠪᠠ᠃ ᠪᠦᠯᠦᠭᠯᠡᠯ ᠳᠤ ᠪᠠᠶ᠋ᠬᠠᠤᠪᠤᠭ᠎ᠠ ᠬᠤᠪᠣᠷ ᠰᠢᠷᠣᠶ ᠶᠢᠨ ᠡᠬᠢ ᠪᠠᠶᠠᠯᠢᠭ ᠢ ᠰᠤᠳᠤᠯᠬᠤ ᠪᠠ ᠪᠦᠬᠦ ᠤᠯᠤᠰ ᠤᠨ ᠭᠤᠤᠯᠳᠠᠯᠭ᠎ᠠ ᠪᠣᠯᠬᠤ | ᠲᠤᠷᠰᠢᠯᠲᠠ ᠶᠢᠨ ᠲᠠᠰᠤᠭ ᠵᠡᠷᠭᠡ ᠤᠯᠤᠰ ᠤᠨ ᠲᠡᠰ ᠤᠨ ᠰᠢᠨ᠎ᠡ ᠶᠢ ᠡᠭᠦᠳᠬᠦ ᠲᠠᠪᠴᠠᠩ᠂ ᠥᠪᠡᠷᠲᠡᠭᠡᠨ ᠵᠠᠰᠠᠬᠤ ᠣᠷᠣᠨ ᠤ ᠲᠡᠰ ᠤᠨ ᠰᠤᠳᠤᠯᠤᠨ ᠨᠡᠭᠡᠭᠡᠬᠦ ᠲᠥᠪ ᠵᠠᠭᠤ | ᠭᠠᠷᠤᠢ ᠪᠠᠶᠢᠵᠤ᠂ PCT ᠤᠯᠠᠨ ᠤᠯᠤᠰ ᠤᠨ ᠲᠤᠰᠬᠠᠶ ᠠᠰᠢᠭ ᠤᠨ ᠡᠷᠬᠡ ᠣᠯᠭᠤᠭᠰᠠᠨ ᠬᠡᠮᠵᠢᠶ᠎ᠡ᠂ ᠤᠯᠤᠰ ᠤᠨ ᠳᠣᠲᠣᠭᠠᠳᠤ ᠶᠢᠨ ᠲᠤᠰᠬᠠᠶ ᠠᠰᠢᠭ ᠤᠨ ᠡᠷᠬᠡ | ᠣᠯᠭᠤᠭᠰᠠᠨ ᠬᠡᠮᠵᠢᠶ᠎ᠡ 800 ᠰᠢᠬᠠᠮ ᠬᠤᠪᠢ ᠪᠠᠶᠢᠨ᠎ᠠ᠃ |