12 ᠳ᠋ᠤᠭᠠᠷ ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠠᠩ ᠾᠧ ᠫᠢᠩ ᠫᠷᠤᠹᠧᠰᠰᠤᠷ ᠤᠨ ᠪᠦᠯᠬᠦᠮ ᠬᠢᠭᠡᠳ | ᠥᠪᠥᠷ ᠮᠣᠩᠭᠤᠯ ᠤᠨ ᠺᠧ ᠲᠦᠸᠧ ᠠᠮᠢᠳᠤ ᠪᠣᠳᠠᠰ ᠤᠨ ᠬᠢᠵᠠᠭᠠᠷᠲᠤ ᠺᠣᠮᠫᠠᠨᠢ ︽ᠮᠧᠩ ᠺᠧ ᠵᠢᠥᠢ︾ ᠲᠠᠪᠴᠠᠩ ᠢᠶᠠᠷ ᠳᠠᠮᠵᠢᠭᠤᠯᠤᠨ ︽ᠴᠢᠳᠠᠮᠵᠢᠲᠦ ᠰᠦᠨ ᠬᠦᠴᠢᠯ ᠤᠨ | ᠪᠠᠺᠲ᠋ᠧᠷᠢ ᠶᠢᠨ ᠮᠦᠭᠦ ᠶᠢᠨ ᠰᠠᠭᠤᠷᠢ ᠶᠢᠨ ᠥᠮᠴᠢᠯᠡᠬᠦ ᠡᠷᠬᠡ ᠵᠢᠴᠢ ᠮᠡᠳᠡᠯᠭᠡ ᠥᠮᠴᠢᠯᠡᠬᠦ ᠡᠷᠬᠡ ᠶᠢᠨ ᠤᠯᠠᠷᠢᠭᠤᠯᠬᠤ︾ ᠶᠢ ᠰᠢᠯᠵᠢᠭᠦᠯᠦᠨ ᠥᠭᠬᠦ ᠭᠡᠷ᠎ᠡ ᠲᠣᠭᠲᠠᠵᠤ᠂ 5 | ᠴᠢᠳᠠᠮᠵᠢᠲᠦ ᠰᠦᠨ ᠬᠦᠴᠢᠯ ᠤᠨ ᠪᠠᠺᠲ᠋ᠧᠷᠢ ᠵᠢᠴᠢ ᠲᠡᠭᠦᠨ ᠤ ᠲᠤᠰᠬᠠᠶ ᠠᠰᠢᠭ ᠤᠨ ᠡᠷᠬᠡ ᠪᠠᠨ ᠪᠦᠷᠢᠮᠦᠰᠦᠨ ᠰᠢᠯᠵᠢᠭᠦᠯᠦᠨ ᠦᠭᠭᠦᠭᠰᠡᠨ ᠢᠶᠠᠷ᠂ ᠭᠡᠷ᠎ᠡ ᠶᠢᠨ ᠮᠥᠩᠭᠦ ᠨᠢ | 2000 ᠲᠦᠮᠡᠨ ᠲᠥᠭᠦᠷᠢᠭ ᠲᠤ ᠬᠦᠷᠴᠦ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ | ᠤᠯᠠᠷᠢᠭᠤᠯᠤᠭᠰᠠᠨ ᠬᠠᠮᠤᠭ ᠤᠨ ᠶᠡᠭᠡ ᠦᠨ᠎ᠡ ᠦᠷᠳᠡᠭ ᠲᠠᠢ ᠭᠡᠷ᠎ᠡ ᠪᠣᠯᠪᠠ᠃ ᠴᠢᠳᠠᠮᠵᠢᠲᠦ ᠰᠦᠨ ᠬᠦᠴᠢᠯ ᠤᠨ ᠪᠠᠺᠲ᠋ᠧᠷᠢ ᠶᠢ ᠰᠤᠳᠤᠯᠬᠤ ᠪᠠ ᠨᠡᠭᠡᠭᠡᠨ ᠬᠥᠭᠵᠢᠭᠦᠯᠬᠦ ᠪᠤᠯ | ᠪᠦᠬᠦ ᠳᠡᠯᠡᠬᠡᠢ ᠶᠢᠨ ᠰᠢᠨᠵᠢᠯᠡᠬᠦ ᠤᠬᠠᠭᠠᠨ ᠤ ᠡᠳᠡᠭᠡᠳ ᠤᠨ ᠬᠢᠨ ᠪᠠ ᠠᠵᠤ ᠦᠢᠯᠡᠰ ᠤᠨ ᠡᠲᠡᠭᠡᠳ ᠤᠨ ᠬᠢᠨ ᠤ ᠠᠩᠬᠠᠷᠴᠤ ᠪᠠᠶᠢᠭ᠎ᠠ ᠲᠥᠪᠯᠡᠷᠡᠯ ᠴᠡᠭ ᠮᠥᠨ᠃ ᠲᠣᠰ | ᠤᠳᠠᠭ᠎ᠠ ᠵᠠᠩ ᠾᠧ ᠫᠢᠩ ᠫᠷᠤᠹᠧᠰᠰᠤᠷ ᠤᠨ ᠪᠦᠯᠬᠦᠮ ᠤᠨ ᠰᠢᠯᠵᠢᠭᠦᠯᠦᠨ ᠥᠭᠭᠦᠭᠰᠡᠨ ᠠᠮᠢᠲᠠᠨ ᠤ ᠬᠤᠤᠰ ᠰᠠᠯᠠᠭᠠᠲᠦ ᠰᠠᠪᠬᠠᠨᠴᠢᠷ ᠪᠠᠺᠲ᠋ᠧᠷᠢ ᠶᠢᠨ ᠳᠡᠳ᠋ ᠲᠥᠷᠥᠯ | Bbm — 19 ︵CGMCC No.25080︶ ᠵᠡᠷᠭᠡ 5 ᠴᠢᠳᠠᠮᠵᠢᠲᠦ ᠰᠦᠨ ᠬᠦᠴᠢᠯ ᠤᠨ ᠪᠠᠺᠲ᠋ᠧᠷᠢ ᠪᠣᠯ ᠴᠥᠮ ᠴᠠᠭᠠᠨ ᠢᠳᠡᠭᠡᠨ ᠤ ᠠᠮᠢᠳᠤ ᠪᠣᠳᠠᠰ ᠤᠨ | ᠮᠡᠷᠭᠡᠵᠢᠯ ᠪᠤᠯᠤᠨ ᠢᠨᠵᠧᠨᠧᠷᠢᠩ ᠤᠨ ᠭᠤᠣᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠤᠨ ᠬᠠᠮᠤᠭ ᠤᠨ ᠰᠢᠨ᠎ᠡ ᠰᠤᠳᠤᠯᠭᠠᠨ ᠤ ᠦᠷ᠎ᠡ ᠪᠦᠲᠦᠭᠡᠯ ᠪᠠᠶᠢᠵᠤ᠂ ᠢᠳᠡᠭᠡᠨ ᠳᠤ | ᠪᠠ ᠠᠮᠢᠲᠠᠨ ᠢ ᠡᠷᠡᠭᠦᠯ ᠢᠶᠠᠷ ᠲᠡᠵᠢᠭᠡᠨ ᠦᠷᠡᠵᠢᠭᠦᠯᠬᠦ᠂ ᠲᠠᠷᠢᠶᠠᠯᠠᠩ ᠤᠨ ᠲᠠᠷᠢᠮᠠᠯ᠂ ᠡᠮᠴᠢᠯᠡᠭᠡ ᠡᠷᠡᠭᠦᠯ ᠮᠡᠨᠳᠦ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠬᠦ ᠪᠣᠯᠬᠤᠷ᠂ | ᠥᠷᠭᠡᠨ ᠶᠡᠭᠡ ᠬᠥᠭᠵᠢᠯᠲᠡ ᠶᠢᠨ ᠢᠷᠡᠭᠡᠳᠦᠶ ᠲᠠᠢ ᠶᠤᠮ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ |