ᠲᠠᠯ᠎ᠠ ᠨᠤᠲᠤᠭ ᠲᠤ ᠲᠠᠩᠰᠤᠭ ᠶᠠᠪᠤᠳᠠᠯ ᠳᠣᠬᠢᠶᠠᠯᠳᠤᠵᠤ ᠡᠷᠳᠡᠨᠢ ᠶᠢᠨ ᠠᠭᠤᠯᠠ ᠵᠣᠴᠢᠨ ᠤᠭᠲᠤᠨ᠎ᠠ᠃ 12 ᠳ᠋ᠤᠭᠠᠷ ᠰᠠᠷ᠎ᠠ ᠶᠢᠨ 20 ᠤ ᠡᠳᠦᠷ᠂ ᠪᠠᠶ᠋ᠬᠠᠣᠪᠤᠭ᠎ᠠ | ᠠᠭᠤᠷᠬᠠᠢ ᠶᠢᠨ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠤᠳᠤᠷᠢᠳᠬᠤ ᠪᠠᠭ ᠤᠨ ᠲᠥᠯᠥᠭᠡᠯᠡᠭᠴᠢ | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠤ ᠴᠤᠭᠯᠠᠷᠠᠵᠤ᠂ 2024 ᠣᠨ ᠤ ︽ᠬᠤᠶᠠᠷ ᠭᠠᠵᠠᠷ ᠭᠤᠷᠪᠠᠨ ᠲᠠᠯ᠎ᠠ︾ ᠶᠢᠨ ᠦᠨᠳᠦᠰᠦᠲᠡᠨ ᠤ ᠪᠦᠯᠬᠦᠮᠳᠡᠯ ᠤᠨ ᠰᠠᠭᠤᠳᠠᠯ ᠤᠨ | ᠬᠤᠷᠠᠯ ᠢ ᠬᠠᠮᠲᠤ ᠪᠠᠷ ᠬᠤᠷᠠᠯᠳᠤᠭᠤᠯᠵᠤ᠂ ᠬᠠᠷᠢᠯᠴᠠᠨ ᠬᠠᠪᠰᠤᠷᠣᠯᠴᠠᠨ ᠰᠠᠬᠢᠨ ᠪᠠᠷᠠᠯᠠᠵᠤ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ︽ᠬᠤᠶᠠᠷ ᠭᠠᠵᠠᠷ ᠭᠤᠷᠪᠠᠨ ᠲᠠᠯ᠎ᠠ︾ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ | ᠮᠡᠳᠡᠭᠴᠢᠳ ᠤᠨ ᠳᠠᠷᠤᠭ᠎ᠠ ᠮᠧᠩ ᠹᠠᠨ ᠶᠢᠩ᠂ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠺᠠᠶ᠂ ᠳᠠᠷᠬᠠᠨ ᠮᠤᠤᠮᠢᠩᠭᠠᠨ ᠬᠤᠯᠪᠤᠭᠠᠲᠤ | ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠳᠤ ᠣᠷᠣᠯᠴᠠᠭᠰᠠᠨ ᠪᠥᠭᠡᠳ ᠭᠤᠤᠯ ᠵᠤᠷᠢᠯᠳᠠᠳᠤ ᠶᠠᠷᠢᠶ᠎ᠠ ᠲᠠᠯᠪᠢᠪᠠ᠃ | ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠹᠧᠩ ᠬᠦᠢ ᠱᠠ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠬᠤᠸᠠᠩ ᠯᠦᠩ᠂ ᠪᠤᠭᠤᠲᠤ ᠶᠢᠨ ᠪᠤᠯᠤᠳ ᠲᠡᠮᠤᠷ ᠤᠨ | ᠺᠣᠮᠫᠠᠨᠢ ᠶᠢᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠠᠭᠤᠷᠬᠠᠢ ᠶᠢᠨ ᠦᠢᠯᠡᠰ ᠤᠨ ᠨᠠᠮ ᠤᠨ ᠬᠤᠷᠢᠶᠠᠨ ᠤ ᠱᠦᠵᠢ᠂ | ᠬᠡᠷᠡᠭ ᠮᠡᠳᠡᠭᠴᠢᠳ ᠤᠨ ᠳᠠᠷᠤᠭ᠎ᠠ ᠳ᠋ᠢᠩ ᠪᠦᠦ ᠱᠦ᠋ ︽︿ᠬᠤᠶᠠᠷ ᠭᠠᠵᠠᠷ ᠭᠤᠷᠪᠠᠨ ᠲᠠᠯ᠎ᠠ﹀ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠲᠤ ᠭᠠᠷ ᠤᠨ ᠦᠰᠦᠭ | ᠵᠢᠷᠤᠵᠤ᠂ ︽ᠬᠤᠶᠠᠷ ᠭᠠᠵᠠᠷ ᠭᠤᠷᠪᠠᠨ ᠲᠠᠯ᠎ᠠ︾ ᠨᠢ ︽ᠨᠢᠭᠡ ᠵᠢᠷᠤᠭ︾ ᠤᠨ ᠶᠡᠷᠦᠩᠬᠡᠢ ᠲᠦᠯᠦᠪᠵᠢᠭᠦᠯᠭᠡ ᠪᠠᠷ ᠬᠠᠮᠵᠢᠯᠴᠠᠨ ᠬᠥᠭᠵᠢᠬᠦ ᠦᠵᠡᠯ ᠰᠠᠨᠠᠭᠠᠨ ᠤ ᠬᠠᠮᠲᠤ ᠶᠢᠨ | ᠲᠠᠨᠢᠯᠲᠠ ᠶᠢ ᠨᠢᠭᠲᠠᠷᠠᠭᠤᠯᠤᠨ᠎ᠠ︔ ︽ᠨᠢᠭᠡ ᠬᠥᠯᠭᠡ ᠰᠢᠳᠠᠷ᠎ᠠ︾ ᠶᠢᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠠᠷ ᠬᠠᠮᠵᠢᠯᠴᠠᠨ ᠬᠥᠭᠵᠢᠬᠦ ᠠᠵᠤ ᠦᠢᠯᠡᠰ ᠤᠨ | ᠠᠭᠤᠰᠤᠯᠴᠠᠯ ᠢ ᠠᠬᠢᠭᠤᠯᠤᠨ᠎ᠠ︔ ︽ᠨᠢᠭᠡ ᠳᠡᠭᠡᠰᠦ︾ ᠶᠢᠨ ᠭᠦᠨᠵᠡᠭᠡᠢ ᠬᠠᠮᠲᠤᠷᠠᠯᠴᠠᠭ᠎ᠠ ᠪᠠᠷ ᠭᠠᠳᠠᠭᠠᠳᠤ ᠨᠡᠭᠡᠭᠡᠯᠲᠡ ᠶᠢᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ | ᠪᠤᠯᠭᠠᠨ᠎ᠠ︔ ︽ᠨᠢᠭᠡ ᠰᠦᠯᠵᠢᠶ᠎ᠡ︾ ᠶᠢᠨ ᠬᠥᠭᠵᠢᠯᠲᠡ ᠶᠢᠨ ᠬᠠᠷᠠᠯᠲᠠ ᠪᠠᠷ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠵᠢᠷᠤᠭᠯᠠᠨ᠎ᠠ︔ ︽ᠨᠢᠭᠡ | ᠴᠤᠭᠴᠠᠵᠢᠭᠤᠯᠤᠭᠰᠠᠨ︾ ᠬᠠᠮᠵᠢᠯᠴᠠᠨ ᠵᠠᠰᠠᠬᠤ ᠪᠠᠷ ᠪᠦᠯᠬᠦᠮᠳᠡᠨ ᠬᠥᠭᠵᠢᠬᠦ ᠶᠢᠨ ᠵᠣᠯ ᠵᠢᠷᠭᠠᠯ ᠤᠨ ᠬᠠᠭᠤᠳᠠᠰᠤ ᠶᠢ ᠨᠡᠭᠡᠭᠡᠨ᠎ᠡ ᠭᠡᠵᠦ ᠵᠥᠪᠳᠡᠯᠴᠡᠨ ᠲᠣᠭᠲᠠᠪᠠ᠃ | ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠦᠷᠪᠡᠨ ᠪᠠᠭ ᠤᠨ ᠤᠳᠤᠷᠢᠳᠤᠯᠭ᠎ᠠ᠂ ᠪᠤᠭᠤᠲᠤ ᠶᠢᠨ ᠪᠤᠯᠤᠳ ᠲᠡᠮᠤᠷ ᠤᠨ | ︵ᠪᠦᠯᠦᠭᠯᠡᠯ︶ ᠺᠣᠮᠫᠠᠨᠢ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | ᠮᠧᠩ ᠹᠠᠨ ᠶᠢᠩ ᠵᠤᠷᠢᠯᠳᠠᠳᠤ ᠶᠠᠷᠢᠶ᠎ᠠ ᠲᠠᠯᠪᠢᠬᠤ ᠳᠠᠭᠠᠨ᠂ ᠡᠨᠡ ᠵᠢᠯ ᠪᠣᠯ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠣᠮᠫᠠᠨᠢ ᠪᠠᠶᠢᠭᠤᠯᠤᠭᠳᠠᠭᠰᠠᠨ 70 ᠵᠢᠯ ᠤᠨ | ᠣᠶ ᠪᠣᠯᠤᠨ᠎ᠠ᠃ 70 ᠵᠢᠯ ᠤᠨ ᠲᠤᠷᠰᠢ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠢᠮᠠᠭᠲᠠ ᠪᠤᠭᠤᠲᠤ ᠶᠢᠨ ᠪᠤᠯᠤᠳ | ᠲᠡᠮᠤᠷ ᠤᠨ ︵ᠪᠦᠯᠦᠭᠯᠡᠯ︶ ᠺᠣᠮᠫᠠᠨᠢ ᠯᠤᠭ᠎ᠠ ᠠᠵᠤ ᠠᠬᠤᠶᠢᠯᠠᠯ ᠣᠷᠣᠨ ᠨᠤᠲᠤᠭ ᠠᠭᠤᠰᠤᠯᠴᠠᠵᠤ᠂ ᠭᠠᠷ ᠬᠤᠯᠪᠣᠨ ᠮᠥᠷᠥ ᠵᠡᠷᠭᠡᠴᠡᠵᠦ᠂ ᠵᠢᠷᠭᠠᠯ ᠵᠣᠪᠠᠯᠠᠩ ᠢᠶᠠᠨ | ᠬᠠᠮᠲᠤᠳᠬᠠᠵᠤ᠂ ᠠᠵᠤ ᠠᠬᠤᠶᠢᠯᠠᠯ ᠢ ᠬᠦᠴᠦᠷᠬᠡᠭᠵᠢᠭᠦᠯᠦᠨ ᠤᠯᠤᠰ ᠲᠠᠭᠠᠨ ᠵᠢᠳᠬᠦᠬᠦ ᠠᠭᠤᠤ ᠶᠡᠭᠡ ᠦᠢᠯᠡᠰ ᠢ ᠬᠠᠮᠲᠤ ᠪᠠᠷ ᠴᠣᠭᠴᠠᠯᠠᠪᠠ᠃ ᠡᠨᠡ ᠵᠢᠯ ᠠᠴᠠ ᠨᠠᠭᠠᠰᠢ᠂ ᠪᠢᠳᠡ | ᠠᠷᠭ᠎ᠠ ᠪᠦᠬᠦᠨ ᠢ ᠰᠦᠪᠡᠭᠴᠢᠯᠡᠵᠦ᠂ ᠪᠦᠯᠬᠦᠮᠳᠡᠨ ᠳᠤᠯᠠᠭᠠᠴᠠᠵᠤ᠂ ᠬᠠᠮᠲᠤ ᠪᠠᠷ ᠬᠠᠲᠠᠭᠤ ᠴᠢᠩᠭ᠎ᠠ ᠥᠷᠢᠰᠥᠯᠳᠦᠭᠡᠨ ᠲᠠᠢ ᠨᠢᠭᠤᠷᠲᠠᠵᠤ᠂ ᠭᠠᠳᠠᠭᠠᠳᠤ ᠠᠷᠠᠯᠵᠢᠶ᠎ᠠ ᠶᠢ ᠬᠠᠮᠲᠤ ᠪᠠᠷ | ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ ᠦᠷᠭᠦᠯᠵᠢᠯᠡᠯ ᠢ ᠬᠦᠴᠦ ᠪᠠᠨ ᠬᠠᠮᠲᠤᠳᠬᠠᠨ ᠪᠠᠲᠤᠯᠠᠵᠤ᠂ ᠬᠦᠴᠦ ᠪᠠᠨ ᠬᠠᠮᠲᠤᠳᠬᠠᠨ ᠪᠣᠬᠢᠷᠲᠤᠯ ᠦᠭᠡᠢ ᠬᠥᠭᠵᠢᠯᠲᠡ ᠶᠢ | ᠠᠬᠢᠭᠤᠯᠵᠤ᠂ ᠠᠵᠤ ᠠᠬᠤᠢ ᠶᠢᠨ ᠬᠦᠴᠢᠷ ᠪᠣᠭᠤᠮᠲᠠ ᠶᠢ ᠬᠠᠮᠲᠤ ᠪᠠᠷ ᠲᠤᠭᠤᠯᠵᠤ᠂ ᠭᠠᠷ ᠬᠤᠯᠪᠣᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠬᠢᠯᠪᠡᠷ | ᠪᠤᠰᠤ ᠠᠮᠵᠢᠯᠲᠠ ᠪᠦᠲᠦᠮᠵᠢ ᠤᠯᠪᠠ᠃ ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠡᠩ ᠨᠢᠭᠲᠠᠷᠠᠨ ᠪᠦᠯᠬᠦᠮᠳᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠠᠮᠲᠤᠷᠠᠨ | ᠠᠵᠢᠯᠯᠠᠵᠤ ᠬᠠᠮᠲᠤ ᠪᠠᠷ ᠠᠰᠢᠭ ᠬᠦᠷᠳᠡᠵᠤ᠂ ᠠᠵᠤ ᠠᠬᠤᠢ ᠶᠢᠨ ᠬᠥᠭᠵᠢᠯᠲᠡ ᠶᠢᠨ ᠬᠠᠮᠲᠤ ᠶᠢᠨ ᠴᠣᠭᠴᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠮᠲᠤ ᠶᠢᠨ | ᠴᠣᠭᠴᠠ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ ᠭᠡᠵᠦ ᠢᠯᠡᠷᠬᠡᠶᠢᠯᠡᠪᠡ᠃ | ᠵᠢᠶᠠ ᠪᠦᠦ ᠯᠢᠶᠠᠩ᠂ ︽ᠬᠤᠶᠠᠷ ᠭᠠᠵᠠᠷ ᠭᠤᠷᠪᠠᠨ ᠲᠠᠯ᠎ᠠ︾ ᠶᠢᠨ ᠰᠠᠭᠤᠳᠠᠯ ᠤᠨ ᠬᠤᠷᠠᠯ ᠠᠯᠢ ᠡᠷᠲᠡ ᠶᠠᠪᠤᠭᠳᠠᠵᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠬᠠᠶᠢᠷ᠎ᠠ ᠰᠡᠳᠬᠢᠯᠭᠡ ᠶᠢᠨ ᠬᠥᠭᠦᠷᠭᠡ ᠬᠤᠯᠪᠣᠭᠠᠰᠤ ᠪᠣᠯᠤᠨ᠎ᠠ᠂ ᠪᠢᠳᠡ ᠠᠵᠤ | ᠠᠬᠤᠢ ᠶᠢᠨ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ | ᠬᠠᠮᠠᠭᠠᠯᠠᠵᠤ᠂ ᠡᠶ᠎ᠡ ᠵᠣᠬᠢᠴᠠᠩᠭᠤᠢ ᠡᠶ᠎ᠡ ᠨᠠᠶᠢᠷᠲᠠᠢ ᠶᠡᠭᠡ ᠰᠠᠶᠢᠨ ᠪᠠᠶᠢᠳᠠᠯ ᠢ ᠡᠭᠦᠳᠴᠡᠢ᠃ ︽ᠬᠤᠶᠠᠷ ᠭᠠᠵᠠᠷ ᠭᠤᠷᠪᠠᠨ ᠲᠠᠯ᠎ᠠ︾ ᠶᠢᠨ ᠤᠭ ᠦᠨᠳᠦᠰᠦ ᠨᠢᠭᠡ ᠭᠠᠵᠠᠷ᠂ ᠮᠠᠨ ᠤ | ᠰᠣᠶᠣᠯ ᠤᠨ ᠴᠢᠰᠤᠨ ᠰᠤᠳᠠᠰᠤ ᠲᠠᠰᠤᠷᠠᠰᠢ ᠦᠭᠡᠢ᠂ ᠲᠥᠷᠥᠯ ᠰᠠᠳᠤᠨ ᠤ ᠨᠥᠬᠦᠷᠯᠡᠯ ᠲᠠᠰᠤᠷᠠᠰᠢ ᠦᠭᠡᠢ᠂ ᠠᠵᠤ ᠠᠬᠤᠶ ᠶᠢᠨ ᠬᠠᠷᠢᠯᠴᠠᠭ᠎ᠠ ᠲᠠᠰᠤᠷᠠᠰᠢ ᠦᠭᠡᠢ᠂ ᠬᠠᠮᠲᠤ ᠶᠢᠨ | ᠦᠢᠯᠡᠰ ᠪᠣᠯᠤᠨ ᠬᠠᠮᠲᠤ ᠶᠢᠨ ᠬᠠᠷᠠᠯᠲᠠ ᠪᠢᠳᠡᠨ ᠢ ᠨᠢᠭᠲᠠ ᠬᠤᠯᠪᠣᠵᠤ ᠪᠠᠶᠢᠨ᠎ᠠ᠃ ᠢᠷᠡᠭᠡᠳᠦᠶ ᠪᠠᠨ ᠪᠠᠷᠠᠯᠠᠬᠤᠶ᠎ᠠ᠂ ᠪᠢᠳᠡ ︽ᠬᠤᠶᠠᠷ ᠭᠠᠵᠠᠷ ᠭᠤᠷᠪᠠᠨ ᠲᠠᠯ᠎ᠠ︾ ᠶᠢᠨ | ᠳᠠᠪᠠᠭᠤᠯᠢᠭ ᠢᠶᠠᠨ ᠪᠠᠳᠠᠷᠠᠭᠤᠯᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠰᠢᠨ᠎ᠡ ᠬᠥᠳᠡᠯᠭᠡᠬᠦ ᠬᠦᠴᠦᠨ ᠢ ᠬᠠᠮᠲᠤ ᠪᠠᠷ ᠪᠤᠶᠢᠵᠢᠭᠤᠯᠵᠤ᠂ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠰᠢᠨ᠎ᠡ ᠳᠠᠪᠠᠭᠤᠯᠢᠭ ᠢ ᠬᠠᠮᠲᠤ ᠪᠠᠷ ᠴᠣᠭᠴᠠᠯᠠᠵᠤ᠂ ᠨᠡᠭᠡᠭᠡᠯᠲᠡ ᠶᠢᠨ ᠰᠢᠨ᠎ᠡ ᠣᠷᠣᠨ ᠵᠠᠶ ᠶᠢ ᠬᠠᠮᠲᠤ ᠪᠠᠷ | ᠥᠷᠭᠡᠳᠬᠡᠵᠦ᠂ ᠰᠣᠶᠣᠯ ᠢᠷᠭᠡᠨᠰᠢᠯ ᠤᠨ ᠬᠠᠮᠲᠤᠷᠠᠯᠴᠠᠭᠠᠨ ᠤ ᠰᠢᠨ᠎ᠡ ᠬᠦᠷᠢᠶ᠎ᠡ ᠶᠢ ᠬᠠᠮᠲᠤ ᠪᠠᠷ ᠭᠦᠨᠵᠡᠭᠡᠶᠢᠷᠡᠭᠦᠯᠬᠦ ᠶᠢ ᠰᠠᠨᠠᠭᠠᠴᠢᠯᠠᠨ᠎ᠠ ᠭᠡᠵᠦ ᠢᠯᠡᠷᠬᠡᠶᠢᠯᠡᠪᠡ᠃ | ᠰᠢᠩ ᠺᠠᠶ᠂ ᠡᠲᠡᠭᠡᠷ ᠵᠢᠯ ᠳᠤ᠂ ᠪᠢᠳᠡ ᠬᠠᠮᠲᠤ ᠪᠠᠷ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢ ᠪᠥᠲᠥᠭᠡᠨ | ᠪᠠᠶᠢᠭᠤᠯᠬᠤ︾ ᠲᠡᠦᠬᠡ ᠶᠢᠨ ᠰᠠᠶᠢᠬᠠᠨ ᠦᠯᠢᠭᠡᠷ ᠢ ᠥᠩᠭᠡᠷᠡᠭᠦᠯᠵᠦ᠂ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠶᠢᠨ ᠦᠨᠳᠦᠰᠦᠲᠡᠨ ᠤ ᠶᠡᠭᠡ | ᠬᠠᠶᠢᠷ᠎ᠠ ᠶᠢ ᠭᠡᠷᠡᠴᠢᠯᠡᠵᠦ᠂ ︽ᠪᠠᠶ᠋ᠬᠠᠤᠪᠤᠭ᠎ᠠ ᠪᠣᠯ ᠡᠷᠳᠡᠨᠢ ᠶᠢᠨ ᠠᠭᠤᠯᠠ︾ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠳᠤ ᠣᠷᠣᠯᠴᠠᠵᠤ᠂ ︽ᠬᠤᠶᠠᠷ ᠭᠠᠵᠠᠷ ᠭᠤᠷᠪᠠᠨ | ᠲᠠᠯ᠎ᠠ︾ ᠶᠢᠨ ᠭᠦᠨ ᠵᠤᠵᠠᠭᠠᠨ ᠨᠥᠬᠦᠷᠯᠡᠯ ᠨᠢᠭᠡᠨᠲᠡ ᠡᠨᠡ ᠬᠦ ᠭᠠᠵᠠᠷ ᠰᠢᠷᠣᠶ ᠳᠤ ᠪᠠᠲᠤ ᠦᠨᠳᠦᠰᠦᠯᠡᠭᠰᠡᠨ ᠪᠠᠶᠢᠨ᠎ᠠ᠃ 2024 ᠣᠨ ᠳᠤ᠂ ᠪᠠᠶ᠋ᠬᠠᠤᠪᠤᠭ᠎ᠠ ᠠᠭᠤᠷᠬᠠᠢ ᠶᠢᠨ | ᠲᠣᠭᠤᠷᠢᠭ ᠤᠨ ᠬᠢᠨ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠯᠤᠭ᠎ᠠ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠭᠠᠷ ᠬᠤᠯᠪᠣᠨ ᠬᠠᠮᠲᠤ ᠪᠠᠷ ᠠᠰᠢᠭ ᠬᠦᠷᠳᠡᠬᠦ | ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠯᠤᠭ᠎ᠠ ᠪᠦᠯᠬᠦᠮᠳᠡᠨ ᠬᠠᠪᠰᠤᠷᠤᠯᠴᠠᠵᠤ᠂ ᠬᠤᠣᠰ ᠴᠢᠭᠯᠡᠯ ᠢᠶᠠᠷ ᠵᠡᠷᠭᠡᠪᠡᠷ | ᠬᠥᠭᠵᠢᠭᠦᠯᠵᠦ᠂ ᠤᠯᠠᠨ ᠤ ᠬᠠᠮᠲᠤ ᠶᠢᠨ ᠳᠡᠮᠵᠢᠯᠭᠡ ᠳᠣᠣᠷ᠎ᠠ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠨᠡᠯᠢᠶᠡᠳ ᠰᠠᠶᠢᠨ ᠠᠮᠵᠢᠯᠲᠠ ᠣᠯᠵᠠᠢ᠃ 2025 ᠣᠨ ᠪᠣᠯ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠵᠢᠯ ᠮᠥᠨ᠂ ︽ᠬᠤᠶᠠᠷ ᠭᠠᠵᠠᠷ ᠭᠤᠷᠪᠠᠨ ᠲᠠᠯ᠎ᠠ︾ ᠨᠢ ᠨᠠᠩ ᠥᠷᠭᠡᠨ ᠬᠦᠷᠢᠶ᠎ᠡ᠂ ᠨᠠᠩ ᠭᠦᠨ ᠲᠠᠰ ᠳᠠᠪᠬᠤᠷᠭ᠎ᠠ ᠪᠠ ᠨᠠᠩ ᠥᠨᠳᠥᠷ ᠬᠢᠷᠢ ᠲᠦᠪᠰᠢᠨ | ᠪᠥᠬᠦᠶ ᠬᠠᠮᠲᠤᠷᠠᠯᠴᠠᠭᠠᠨ ᠤ ᠬᠥᠭᠵᠢᠯᠲᠡ ᠶᠢ ᠤᠭᠲᠤᠨ ᠠᠪᠴᠢᠷᠠᠬᠤ ᠪᠣᠯᠤᠨ᠎ᠠ᠃ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠬᠢᠨ ᠪᠤᠭᠤᠲᠤ ᠶᠢᠨ ᠪᠤᠯᠤᠳ ᠲᠡᠮᠦᠷ ᠤᠨ | ︵ᠪᠦᠯᠦᠭᠯᠡᠯ︶ ᠺᠣᠮᠫᠠᠨᠢ ᠲᠠᠢ ᠣᠷᠣᠨ ᠨᠤᠲᠤᠭ ᠠᠵᠤ ᠠᠬᠤᠶᠢᠯᠠᠯ ᠤᠨ ᠠᠭᠤᠰᠤᠯᠴᠠᠯ ᠤᠨ ︽ᠬᠠᠮ ᠨᠢᠳᠤᠷᠭ᠎ᠠ︾ ᠶᠢ ᠴᠢᠨᠠᠭᠰᠢᠳᠠ ᠰᠠᠶᠢᠲᠤᠷ ᠬᠡᠷᠡᠭᠵᠢᠭᠦᠯᠵᠦ᠂ ᠠᠭᠤᠷᠬᠠᠢ ᠶᠢᠨ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠬᠠᠮᠲᠤᠷᠠᠯᠴᠠᠭ᠎ᠠ ᠰᠢᠨ᠎ᠡ | ᠳᠡᠭᠡᠭᠰᠢᠯᠡᠯᠲᠡ ᠶᠢ ᠪᠡᠶᠡᠯᠡᠭᠦᠯᠦᠨ᠎ᠡ︔ ᠳᠠᠷᠬᠠᠨ ᠮᠤᠤᠮᠢᠩᠭᠠᠨ ᠬᠤᠰᠢᠭᠤ ᠲᠠᠢ ᠠᠭᠤᠰᠤᠯᠴᠠᠨ ᠬᠥᠭᠵᠢᠬᠦ ︽ᠰᠡᠭᠦᠯᠴᠢ ᠶᠢᠨ ᠠᠵᠢᠯ︾ ᠢ ᠰᠠᠶᠢᠲᠤᠷ ᠬᠢᠵᠦ᠂ ᠺᠠᠳ᠋ᠷ ᠬᠠᠷᠢᠯᠴᠠᠨ | ᠲᠣᠮᠢᠯᠠᠬᠤ᠂ ᠰᠣᠶᠣᠯ ᠤᠨ ᠰᠣᠯᠢᠯᠴᠠᠭ᠎ᠠ ᠬᠢᠬᠦ᠂ ᠪᠣᠭᠤᠮᠲᠠ ᠶᠢᠨ ᠡᠳ᠋ ᠪᠠᠷᠠᠭᠠᠨ ᠤ ᠭᠦᠢᠯᠭᠡᠭᠡ᠂ ︽ᠣᠷᠣᠨ ᠠᠯᠤᠰᠯᠠᠭᠰᠠᠨ ᠭᠠᠵᠠᠷ︾ ᠬᠥᠳᠡᠭᠡ ᠠᠵᠤ ᠠᠬᠤᠶ ᠵᠡᠷᠭᠡ ᠲᠠᠯ᠎ᠠ ᠪᠠᠷ | ᠬᠠᠮᠲᠤᠷᠠᠯᠴᠠᠭ᠎ᠠ ᠨᠠᠩ ᠶᠡᠭᠡ ᠰᠢᠪᠲᠤᠯᠤᠯᠲᠠ ᠲᠠᠢ ᠪᠣᠯᠬᠤ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃ | ᠳᠠᠷᠠᠭᠠᠪᠠᠷ ᠨᠢ ᠶᠠᠪᠤᠭᠳᠠᠭᠰᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠲᠣᠭᠯᠠᠯᠲᠠ ᠳᠤ᠂ | ︽ᠬᠤᠶᠠᠷ ᠭᠠᠵᠠᠷ ᠭᠤᠷᠪᠠᠨ ᠲᠠᠯ᠎ᠠ︾ ᠶᠢᠨ ᠤᠯᠠᠭᠠᠨᠮᠥ᠋ᠴᠢᠷ ᠤᠨ ᠭᠡᠰᠢᠭᠦᠳ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠦᠵᠡᠰᠬᠦᠯᠡᠩᠲᠦ ᠰᠠᠶᠢᠬᠠᠨ ᠳᠠᠭᠤᠤ ᠬᠥᠭᠵᠢᠮ᠂ | ᠭᠤᠶᠢᠳᠠ ᠰᠠᠶᠢᠬᠠᠨ ᠪᠥᠵᠢᠭ᠂ ᠭᠦᠨ ᠵᠤᠵᠠᠭᠠᠨ ᠤᠷᠠᠨ ᠰᠠᠶᠢᠬᠠᠨ ᠪᠥᠵᠢᠭ᠂ ᠭᠤᠶᠢᠳᠠ ᠰᠠᠶᠢᠬᠠᠨ ᠲᠠᠶᠢᠰᠠᠨ ᠤ ᠵᠦᠴᠦᠭᠡ ᠵᠡᠷᠭᠡ ᠪᠠᠷ᠂ ︽ᠬᠤᠶᠠᠷ ᠭᠠᠵᠠᠷ ᠭᠤᠷᠪᠠᠨ ᠲᠠᠯ᠎ᠠ︾ | ᠶᠢᠨ ᠬᠠᠷᠢᠯᠴᠠᠨ ᠬᠠᠪᠰᠤᠷᠤᠯᠴᠠᠨ ᠰᠠᠬᠢᠨ ᠪᠠᠷᠠᠯᠠᠵᠤ᠂ ᠭᠠᠷ ᠬᠤᠯᠪᠣᠨ ᠡᠷᠡᠯᠬᠡᠭᠯᠡᠨ ᠤᠷᠤᠭᠰᠢᠯᠠᠵᠤ ᠣᠯᠤᠭᠰᠠᠨ ᠠᠮᠵᠢᠯᠲᠠ ᠪᠦᠲᠦᠮᠵᠢ ᠶᠢ ᠮᠠᠭᠲᠠᠨ ᠳᠠᠭᠤᠯᠠᠵᠤ᠂ ︽ᠬᠤᠶᠠᠷ | ᠭᠠᠵᠠᠷ ᠭᠤᠷᠪᠠᠨ ᠲᠠᠯ᠎ᠠ︾ ᠶᠢᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠡᠷᠡᠮᠡᠬᠡᠶᠢᠯᠡᠨ ᠤᠷᠤᠭᠰᠢᠯᠠᠵᠤ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠬᠤ ᠰᠡᠳᠬᠢᠯ ᠤᠨ ᠳᠠᠭᠤᠨ ᠢ | ᠤᠶᠠᠩᠭᠠᠯᠠᠪᠠ᠃ | ᠰᠠᠭᠤᠳᠠᠯ ᠤᠨ ᠬᠤᠷᠠᠯ ᠠᠴᠠ ᠡᠮᠦᠨ᠎ᠡ᠂ ᠬᠤᠶᠠᠷ ᠭᠠᠵᠠᠷ ᠤᠨ ᠭᠤᠷᠪᠠᠨ ᠲᠠᠯ᠎ᠠ ᠶᠢᠨ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠠᠶ᠋ᠬᠠᠤᠪᠤᠭ᠎ᠠ ᠬᠤᠪᠣᠷ ᠰᠢᠷᠣᠢ ᠶᠢᠨ | ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ᠂ ᠭᠤᠣᠯᠳᠠᠯᠭ᠎ᠠ ᠪᠣᠯᠬᠤ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠴᠣᠭᠴᠠᠯᠠᠯᠲᠠ ᠵᠡᠷᠭᠡ ᠲᠠᠯ᠎ᠠ ᠪᠠᠷ ᠰᠤᠷᠪᠤᠯᠵᠢᠯᠠᠨ ᠦᠵᠡᠪᠡ᠃ |