ᠨᠢᠭᠡ ᠳᠤ᠂ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠪᠠ᠃ ᠬᠢᠯᠢ ᠬᠢᠵᠠᠭᠠᠷ ᠣᠷᠣᠨ ᠳᠤ ᠬᠤᠯᠪᠣᠭᠳᠠᠬᠤ ᠠᠮᠤᠷ ᠲᠦᠪᠰᠢᠨ ᠤ ᠠᠶᠤᠯ | ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠡᠨᠡ ᠵᠢᠯ ᠠᠴᠠ ᠨᠠᠭᠠᠰᠢ ᠬᠢᠯᠢ ᠬᠢᠵᠠᠭᠠᠷ ᠣᠷᠣᠨ ᠢ ᠴᠠᠭᠳᠠᠨ ᠪᠠᠶᠢᠴᠠᠭᠠᠬᠤ ᠴᠠᠭᠳᠠᠭᠠᠨ ᠤ ᠬᠦᠴᠦᠨ ᠢ ᠨᠡᠶᠢᠲᠡ 8332 ᠬᠥᠮᠦᠨ | ᠤᠳᠠᠭ᠎ᠠ ᠬᠥᠳᠡᠯᠭᠡᠵᠦ᠂ 1821 ᠤᠳᠠᠭ᠎ᠠ ᠲᠤᠬᠠᠢ ᠶᠢᠨ ᠭᠠᠵᠠᠷ ᠲᠤ ᠨᠢ ᠬᠦᠷᠴᠦ ᠪᠠᠶᠢᠴᠠᠭᠠᠨ᠂ ᠬᠢᠯᠢ ᠬᠢᠵᠠᠭᠠᠷ ᠣᠷᠣᠨ ᠳᠤ ᠬᠦᠷᠴᠦ ᠦᠯᠦ ᠪᠣᠯᠬᠤ ᠬᠤᠷᠢᠭ᠎ᠠ ᠲᠠᠢ | ᠪᠠᠶᠢᠬᠤ ᠪᠠᠷ 85 ᠲᠡᠷᠭᠡ ᠬᠥᠰᠬᠡ᠂ 220 ᠬᠥᠮᠦᠨ ᠢ ᠴᠡᠪᠡᠷᠯᠡᠨ ᠪᠤᠴᠠᠭᠠᠵᠤ᠂ ᠬᠠᠤᠯᠢ ᠪᠤᠰᠤ ᠪᠠᠷ ᠬᠢᠯᠢ ᠠᠴᠠ ᠭᠠᠷᠬᠤ ᠪᠠᠷ ᠣᠷᠣᠯᠳᠤᠭᠰᠠᠨ 5 ᠬᠥᠮᠦᠨ ᠢ ᠬᠠᠰᠢᠨ | ᠬᠤᠷᠢᠭᠯᠠᠵᠤ᠂ ᠬᠢᠯᠢ ᠬᠢᠵᠠᠭᠠᠷ ᠢ ᠬᠤᠯᠠᠭᠤᠨ ᠳᠠᠪᠠᠭ᠋ᠤ ᠪᠠᠷ ᠣᠷᠣᠯᠳᠤᠵᠤ ᠪᠠᠶᠢᠭᠰᠠᠨ 2 ᠬᠥᠮᠦᠨ ᠳᠤ ᠴᠣᠬᠢᠯᠲᠠ ᠥᠭᠪᠡ᠃ ᠬᠤᠶᠠᠷ ᠲᠤ᠂ ᠭᠠᠳᠠᠭᠠᠳᠤ ᠳᠤ ᠬᠤᠯᠪᠣᠭᠳᠠᠬᠤ | ᠬᠠᠤᠯᠢ ᠪᠠᠷ ᠵᠠᠰᠠᠬᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠪᠡ᠃ ︽ᠨᠢᠭᠡ ᠪᠦᠰᠡ ᠨᠢᠭᠡ ᠵᠠᠮ︾ ᠪᠠ ︽ᠳᠤᠮᠳᠠᠳᠤ ᠮᠣᠩᠭᠤᠯ ᠣᠷᠣᠰ ᠤᠨ | ᠠᠵᠤ ᠠᠬᠤᠢ ᠶᠢᠨ ᠬᠤᠩᠭᠢᠯ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠶᠢᠭᠤᠯᠤᠯᠲᠠ ᠶᠢᠨ ᠲᠣᠭᠤᠷᠢᠨ ᠳᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠣᠷ | ᠰᠦᠯᠵᠢᠶ᠎ᠡ ᠶᠢ ᠪᠦᠬᠦ ᠬᠦᠴᠦᠨ ᠢᠶᠠᠷ ᠪᠠᠶᠢᠭᠤᠯᠵᠤ᠂ ᠭᠠᠳᠠᠭᠠᠳᠤ ᠳᠤ ᠬᠤᠯᠪᠣᠭᠳᠠᠬᠤ 35 ᠵᠥᠷᠢᠴᠡᠯ ᠵᠢᠭᠤᠷᠠᠯᠳᠤᠭᠠᠨ ᠢ ᠠᠮᠵᠢᠯᠲᠠ ᠲᠠᠢ ᠪᠠᠷ ᠡᠶᠡᠳᠡᠭᠦᠯᠪᠡ᠃ ᠭᠤᠷᠪᠠ ᠳᠤ᠂ | ᠬᠢᠯᠢ ᠶᠢᠨ ᠴᠠᠭᠳᠠᠭᠠᠨ ᠤ ᠶᠠᠪᠤᠳᠠᠯ ᠤᠨ ᠠᠵᠢᠯ ᠤᠨ ᠰᠠᠭᠤᠷᠢ ᠶᠢ ᠪᠠᠬᠢᠵᠢᠭᠦᠯᠪᠡ᠃ ᠴᠠᠭᠳᠠᠭᠠᠨ ᠤ ᠬᠦᠴᠦᠨ ᠢ ᠲᠣᠬᠢᠷᠠᠭᠤᠯᠤᠨ ᠨᠡᠶᠢᠲᠡ 17103 ᠡᠷᠦᠬᠡ ᠳᠤ | ᠰᠤᠷᠪᠤᠯᠵᠢᠯᠠᠨ ᠬᠦᠷᠴᠦ᠂ ᠨᠡᠭᠦᠳᠡᠯ ᠬᠥᠮᠦᠨ ᠠᠮᠠ ᠶᠢ ᠨᠡᠶᠢᠲᠡ 29782 ᠬᠥᠮᠦᠨ ᠤᠳᠠᠭ᠎ᠠ ᠵᠢᠭᠰᠠᠭᠠᠨ ᠪᠠᠶᠢᠴᠠᠭᠠᠵᠤ᠂ 1609 ᠮᠠᠯᠴᠢᠨ ᠡᠷᠦᠬᠡ ᠶᠢᠨ 3716 ᠬᠥᠮᠦᠨ | ᠤᠳᠠᠭ᠎ᠠ ᠶᠢ ᠰᠤᠷᠪᠤᠯᠵᠢᠯᠠᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠰᠠᠨᠠᠭᠠᠴᠢᠯᠠᠭ᠎ᠠ ᠠᠴᠠ ᠪᠠᠨ 194 ᠤᠳᠠᠭ᠎ᠠ ᠡᠶᠡᠳᠡᠭᠦᠯᠦᠨ ᠵᠣᠭᠰᠣᠭᠠᠪᠠ᠃ ︵ᠰᠢᠯᠢ ᠶᠢᠨ | ᠭᠤᠣᠯ ᠠᠶᠢᠮᠠᠭ ᠤᠨ ᠵᠠᠬᠢᠷᠭ᠎ᠠ᠂ ᠡᠷᠢᠶᠡᠨ ᠬᠤᠲᠠ ᠶᠢᠨ ᠵᠠᠰᠠᠭ ᠤᠨ ᠣᠷᠳᠣᠨ︶ |