12 ᠳ᠋ᠤᠭᠠᠷ ᠰᠠᠷ᠎ᠠ ᠶᠢᠨ 20 ᠤ ᠡᠳᠦᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠥᠪᠡᠷᠲᠡᠭᠡᠨ ᠵᠠᠰᠠᠬᠤ | ᠣᠷᠣᠨ ᠤ ︽ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾ ᠤᠨ ᠤᠯᠠᠨ ᠲᠦᠮᠡᠨᠴᠢᠯᠡᠭᠰᠡᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠯᠢᠨ | ᠾᠧ ᠲᠣᠭᠤᠷᠢᠭ ᠤᠨ ᠱᠦ ᠭᠤᠸᠠᠩ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠳᠤ ᠢᠷᠡᠪᠡ᠃ | ᠤᠬᠠᠭᠤᠯᠤᠨ ᠲᠠᠶᠢᠯᠪᠤᠷᠢᠯᠠᠬᠤ ᠳᠤᠮᠳᠠ᠂ ᠥᠪᠡᠷᠲᠡᠭᠡᠨ ᠵᠠᠰᠠᠬᠤ ᠣᠷᠣᠨ ᠤ ︽ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾ ᠤᠨ ᠤᠯᠠᠨ ᠲᠦᠮᠡᠨᠴᠢᠯᠡᠭᠰᠡᠨ | ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ 5 ᠭᠡᠰᠢᠭᠦᠳ ᠲᠤᠰ ᠲᠤᠰ ︽ᠨᠡᠶᠢᠭᠡᠮ ᠲᠣᠭᠤᠷᠢᠭ ᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠡᠭᠡ | ᠭᠡᠷ ᠪᠦᠯᠢ ᠪᠣᠯᠭᠠᠬᠤ︾᠂ ︽︿ᠭᠠᠶᠢᠯᠢ ᠶᠢᠨ ᠶᠠᠪᠤᠳᠠᠯ ᠤᠨ ᠬᠥᠬᠡ﹀ ᠨᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠳᠤ ᠦᠩᠭᠡ ᠭᠡᠷᠡᠯ ᠨᠡᠮᠡᠷᠢᠯᠡᠬᠦ︾᠂ ︽ᠦᠨᠳᠦᠰᠦᠲᠡᠨ ᠤ | ᠪᠦᠯᠬᠦᠮᠳᠡᠯ ᠤᠨ ᠦᠨᠳᠦᠰᠦ ᠰᠤᠳᠠᠰᠤ ᠶᠢ ᠰᠠᠶᠢᠲᠤᠷ ᠰᠠᠬᠢᠬᠤ ︾᠂ ︽ᠨᠢᠭᠡᠨ ᠤᠯᠤᠰ ᠤᠨ ᠬᠡᠦᠬᠡᠳ ᠤᠨ ᠬᠠᠶᠢᠷ᠎ᠠ ᠰᠡᠳᠬᠢᠯᠭᠡ︾᠂ ︽︿ᠲᠠᠪᠤᠨ ᠬᠠᠮᠲᠤ ᠶᠢᠨ ᠲᠠᠨᠢᠯᠲᠠ﹀ ᠶᠢ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠦᠨᠳᠦᠰᠦᠯᠡᠭᠦᠯᠬᠦ︾ ᠵᠡᠷᠭᠡ ᠲᠠᠯ᠎ᠠ ᠪᠠᠷ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠯᠠᠲᠠ ᠨᠢ ᠨᠡᠶᠢᠲᠡᠯᠢᠭ | ᠬᠡᠷᠡᠭ ᠤᠨ ᠵᠢᠱᠢᠶ᠎ᠡ ᠶᠢ ᠭᠦᠢᠴᠡᠳ ᠬᠡᠷᠡᠭᠯᠡᠵᠦ᠂ ᠠᠮᠢᠳᠤᠯᠢᠭ ᠦᠭᠡ ᠬᠡᠯᠡ ᠪᠠ ᠴᠢᠩ ᠦᠨᠡᠨᠴᠢ ᠰᠡᠳᠬᠢᠯᠭᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠴᠢᠨᠠᠷ ᠢ ᠭᠦᠨᠵᠡᠭᠡᠢ ᠲᠣᠳᠣᠷᠬᠠᠶᠢᠯᠠᠨ ᠥᠭᠦᠯᠡᠪᠡ᠃ | ᠤᠬᠠᠭᠤᠯᠤᠨ ᠲᠠᠶᠢᠯᠪᠤᠷᠢᠯᠠᠯᠲᠠ ᠶᠢ ᠰᠣᠨᠣᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ ᠪᠠᠨ ᠲᠤᠭᠤᠰᠢᠯᠠᠭᠤᠯᠵᠤ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠰᠤᠷᠤᠯᠴᠠᠬᠤ | ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠡᠶᠡᠯᠡᠭᠦᠯᠦᠨ᠎ᠡ ᠭᠡᠵᠦ ᠢᠯᠡᠳᠭᠡᠵᠡᠭᠡᠪᠡ᠃ | |