ᠡᠨᠡ ᠵᠢᠯ ᠠᠴᠠ ᠨᠠᠭᠠᠰᠢ᠂ ᠮᠠᠨ ᠤ ᠣᠷᠣᠨ ᠪᠥᠬᠦ ᠤᠯᠤᠰ ᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠳᠤ ᠨᠡᠶᠢᠲᠡ 28 ᠬᠤᠪᠢ ᠦᠵᠡᠵᠦ | ᠰᠣᠨᠣᠰᠬᠤ ᠪᠦᠲᠦᠭᠡᠯ ᠢ ᠳᠡᠪᠰᠢᠭᠦᠯᠦᠨ ᠨᠡᠶᠢᠲᠡᠯᠡᠭᠦᠯᠵᠦ᠂ ᠪᠥᠬᠦ ᠰᠦᠯᠵᠢᠶ᠎ᠡ ᠪᠠᠷ ᠳᠡᠪᠰᠢᠭᠦᠯᠦᠭᠰᠡᠨ ᠬᠡᠮᠵᠢᠶ᠎ᠡ ᠨᠢ 3.17 ᠲᠥᠮᠡᠨ ᠵᠣᠷᠪᠣᠰ ᠲᠤ ᠬᠦᠷᠴᠦ᠂ ᠬᠠᠶᠢᠯᠲᠠ ᠶᠢᠨ | ᠬᠡᠮᠵᠢᠶ᠎ᠡ ᠨᠢ 6.51 ᠳ᠋ᠦᠩᠰᠢᠭᠤᠷ ᠤᠳᠠᠭ᠎ᠠ ᠳᠤ ᠬᠦᠷᠪᠡ᠂ ︽ᠤᠮᠠᠷᠠᠲᠤ ᠬᠢᠯᠢ ᠶᠢᠨ ᠬᠠᠩᠭᠢᠨᠠᠮ᠎ᠠ ᠳᠠᠭᠤᠤ︾ ︽ᠪᠠᠷᠠᠭᠤᠨᠰᠢ ᠪᠣᠭᠤᠮᠲᠠ ᠪᠠᠷ ᠭᠠᠷᠤᠭᠰᠠᠨ ᠪᠠ ᠬᠥᠬᠡᠬᠤᠲᠠ︾ | ᠵᠡᠷᠭᠡ ᠪᠦᠲᠦᠭᠡᠯ ᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ︽ᠳᠤᠮᠳᠠᠳᠤ ᠤᠯᠤᠰ ᠢ ᠦᠵᠡᠵᠦ ᠰᠣᠨᠣᠰᠬᠤ︾ ᠲᠠᠪᠴᠠᠩ ᠳᠤ ᠨᠡᠶᠢᠲᠡ 30 ᠭᠠᠷᠤᠶ ᠳ᠋ᠦᠩᠰᠢᠭᠤᠷ | ᠤᠳᠠᠭ᠎ᠠ ᠨᠡᠪᠲᠡᠷᠡᠭᠦᠯᠪᠡ᠃ ᠮᠠᠨ ᠤ ᠣᠷᠣᠨ ᠤ ᠨᠡᠪᠴᠢᠭᠦᠯᠦᠨ ᠵᠣᠬᠢᠶᠠᠨ ᠪᠦᠲᠦᠭᠡᠭᠰᠡᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠪᠦᠲᠦᠭᠡᠯ ᠪᠣᠯᠬᠤ ︽ᠤᠯᠤᠰ | ᠭᠦᠷᠦᠨ ᠠᠮᠤᠷ ᠲᠠᠶᠢᠪᠤᠩ ᠪᠣᠯ ᠬᠦᠮᠦᠨ ᠠᠷᠠᠳ ᠠᠮᠤᠷ ᠠᠮᠤᠭᠤᠯᠠᠩ︾ ᠭᠡᠬᠦ ᠪᠦᠲᠦᠭᠡᠯ ᠨᠢ 31 ᠳ᠋ᠦ᠋ᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠵᠠᠷ | ᠮᠡᠳᠡᠭᠡᠨ ᠤ ᠨᠠᠶᠢᠷ ᠲᠤ ᠬᠠᠲᠤᠨ ᠭᠤᠤᠯ ᠱᠠᠩᠨᠠᠯ ᠢ ᠭᠥᠷᠳᠡᠪᠡ︔ ︽ᠠᠪᠤ ᠡᠵᠢ ᠶᠢᠨ ᠨᠤᠲᠤᠭ ᠤᠰᠤᠨ︾ ᠭᠡᠬᠦ ᠲᠧᠯᠸᠢᠰ ᠵᠦᠴᠦᠭᠡ ᠨᠢ 34 ᠳ᠋ᠣᠭᠡᠷ ᠬᠤᠭᠤᠴᠠᠭᠠᠨ ᠤ | ᠳᠤᠮᠳᠠᠳᠤ ᠤᠯᠤᠰ ᠤᠨ ᠲᠧᠯᠸᠢᠰ ᠵᠦᠴᠦᠭᠡ ᠶᠢᠨ ︽ᠹᠸᠢ ᠲᠢᠶᠠᠨ ᠱᠠᠩᠨᠠᠯ︾ ᠤᠨ ᠰᠢᠯᠢᠳᠡᠭ ᠲᠧᠯᠸᠢᠰ ᠵᠦᠴᠦᠭᠡ ᠪᠠᠷ ᠨᠡᠷ᠎ᠡ ᠳᠤᠷᠠᠳᠤᠭᠳᠠᠵᠤ᠂ ︽ᠣᠷᠳᠣ ᠴᠠᠭᠠᠨ ᠬᠡᠷᠡᠮ︾ | ︵ᠨᠢᠭᠡᠳᠦᠭᠡᠷ ᠤᠯᠠᠷᠢᠯ︶ 28 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠲᠧᠯᠸᠢᠰ ᠤᠳᠬ᠎ᠠ ᠤᠷᠠᠯᠢᠭ ᠤᠨ ︽ᠰᠢᠩ ᠭᠤᠸᠠᠩ ᠱᠠᠩᠨᠠᠯ︾ ᠤᠨ ᠨᠡᠷ᠎ᠡ | ᠳᠤᠷᠠᠳᠤᠭᠳᠠᠭᠰᠠᠨ ᠪᠦᠲᠦᠭᠡᠯ ᠤᠨ ᠢᠷᠠᠭᠤ ᠠᠯᠳᠠᠷ ᠢ ᠭᠥᠷᠳᠡᠪᠡ᠃ ︵ᠷᠠᠳᠢᠣ᠋ ᠲᠧᠯᠸᠢᠰ ᠤᠨ ᠲᠣᠪᠴᠢᠶ᠎ᠠ︶ |