ᠪᠥᠬᠦ ᠣᠷᠣᠨ ᠤ ᠠᠩᠬᠠᠳᠠᠭᠴᠢ ᠳ᠋ᠠᠶᠢᠲ᠋ᠠ ᠶᠢᠨ ᠡᠯᠧᠮᠧᠨ᠋ᠲ ᠤᠨ ᠠᠵᠤ ᠦᠢᠯᠡᠰ ᠤᠨ ᠬᠦᠷᠢᠶᠡᠯᠡᠩ ᠵᠢᠴᠢ ᠳ᠋ᠠᠶᠢᠲ᠋ᠠ ᠶᠢᠨ ᠡᠯᠧᠮᠧᠨ᠋ᠲ ᠤᠨ ᠦᠢᠯᠡᠴᠢᠯᠡᠭᠡᠨ ᠤ ᠲᠥᠪ ᠬᠥᠬᠡᠬᠤᠲᠠ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/12/24
    12 ᠳ᠋ᠤᠭᠠᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠳ᠋ᠠᠶᠢᠲ᠋ᠠ ᠶᠢᠨ ᠡᠯᠧᠮᠧᠨ᠋ᠲ ᠤᠨ ᠠᠵᠤ ᠦᠢᠯᠡᠰ ᠤᠨ ᠬᠦᠷᠢᠶᠡᠯᠡᠩ ︵ᠪᠥᠬᠦ ᠣᠷᠣᠨ ᠤ ᠠᠩᠬᠠᠳᠠᠭᠴᠢ︶ ᠵᠢᠴᠢ ᠥᠪᠥᠷ ᠮᠣᠩᠭᠤᠯ ᠤᠨ ᠳ᠋ᠠᠶᠢᠲ᠋ᠠ ᠶᠢᠨ ᠡᠯᠧᠮᠧᠨ᠋ᠲ ᠤᠨ ᠦᠢᠯᠡᠴᠢᠯᠡᠭᠡᠨ ᠤ ᠲᠥᠪ ᠤᠨ ᠫᠠᠶᠢᠰᠠ ᠰᠡᠬᠦᠬᠦ ᠶᠣᠰᠣᠯᠠᠯ ᠬᠢᠭᠡᠳ ᠲᠤᠰ ᠬᠦᠷᠢᠶᠡᠯᠡᠩ ᠳᠤ ᠣᠷᠣᠵᠤ ᠰᠠᠭᠤᠬᠤ ᠠᠵᠤ ᠠᠬᠤᠶᠢᠯᠠᠯ ᠤᠨ ᠵᠦᠪᠯᠡᠯᠴᠡᠭᠡᠷ ᠲᠣᠬᠢᠷᠠᠯᠴᠠᠬᠤ ᠶᠣᠰᠣᠯᠠᠯ ᠶᠠᠪᠤᠭᠳᠠᠪᠠ᠃ ᠬᠦᠷᠢᠶᠡᠯᠡᠩ ᠲᠣᠭᠤᠷᠢᠭ ᠤᠨ ᠶᠡᠷᠦᠩᠬᠡᠶ ᠬᠢᠨᠠᠨ ᠲᠣᠭᠲᠠᠭᠠᠭᠰᠠᠨ ᠲᠠᠯᠠᠪᠠᠶ ᠨᠢ 19.757 ᠲᠡᠭᠰᠢ ᠳᠥᠷᠪᠡᠯᠵᠢᠨ ᠺᠢᠯᠤᠮᠧᠳ᠋ᠷ ᠪᠠᠶᠢᠵᠤ᠂ ᠣᠲᠣ ᠪᠣᠯᠲᠠᠯ᠎ᠠ ᠨᠡᠶᠢᠲᠡ 150 ᠭᠠᠷᠤᠶ ᠳ᠋ᠠᠶᠢᠲ᠋ᠠ ᠶᠢᠨ ᠡᠯᠧᠮᠧᠨ᠋ᠲ ᠤᠨ ᠬᠠᠮᠢᠶ᠎ᠠ ᠪᠥᠬᠦᠶ ᠠᠵᠤ ᠠᠬᠤᠶᠢᠯᠠᠯ ᠢ ᠨᠡᠪᠲᠡᠷᠡᠯᠴᠡᠭᠦᠯᠦᠨ ᠵᠣᠯᠭᠠᠭᠤᠯᠵᠤ᠂ ᠨᠢᠭᠡᠨᠲᠡ 50 ᠭᠠᠷᠤᠶ ᠠᠵᠤ ᠠᠬᠤᠶᠢᠯᠠᠯ ᠣᠷᠣᠵᠤ ᠰᠠᠭᠤᠭᠰᠠᠨ ᠪᠥᠭᠡᠳ ᠠᠵᠤ ᠦᠢᠯᠡᠰ ᠲᠤ ᠬᠤᠯᠪᠣᠭᠳᠠᠬᠤ ᠦᠢᠯᠡᠳᠬᠦᠨ ᠤ ᠥᠷᠲᠡᠭ ᠨᠢ ᠪᠠᠷᠤᠭ 30 ᠳ᠋ᠦᠩᠰᠢᠭᠤᠷ ᠲᠥᠭᠦᠷᠢᠭ ᠲᠤ ᠬᠦᠷᠴᠡᠶ᠃ ᠵᠦᠪᠯᠡᠯᠴᠡᠭᠡᠷ ᠲᠣᠬᠢᠷᠠᠯᠴᠠᠬᠤ ᠶᠣᠰᠣᠯᠠᠯ ᠤᠨ ᠠᠬᠤᠢ ᠲᠠᠯᠠᠪᠠᠢ ᠳᠤ᠂ ᠥᠪᠥᠷ ᠮᠣᠩᠭᠤᠯ ᠤᠨ ᠳ᠋ᠠᠶᠢᠲ᠋ᠠ ᠶᠢᠨ ᠡᠯᠧᠮᠧᠨ᠋ᠲ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠱᠧᠨᠵᠧᠨ ᠳᠠᠬᠢ ᠳ᠋ᠠᠶᠢᠲ᠋ᠠ ᠶᠢ ᠠᠷᠠᠯᠵᠢᠶᠠᠯᠠᠬᠤ ᠭᠠᠵᠠᠷ ᠵᠡᠷᠭᠡ 8 ᠠᠵᠤ ᠠᠬᠤᠶᠢᠯᠠᠯ ᠯᠤᠭ᠎ᠠ ᠵᠦᠪᠯᠡᠯᠴᠡᠭᠡᠷ ᠲᠣᠬᠢᠷᠠᠯᠴᠠᠵᠤ᠂ ᠲᠤᠬᠠᠶᠢᠯᠠᠭᠰᠠᠨ ᠠᠵᠢᠯ ᠨᠢ ᠳ᠋ᠠᠶᠢᠲ᠋ᠠ ᠶᠢᠨ ᠪᠡᠯᠡ ᠣᠷᠣᠭᠤᠯᠤᠯᠲᠠ᠂ ᠳ᠋ᠠᠶᠢᠲ᠋ᠠ ᠶᠢ ᠠᠷᠠᠯᠵᠢᠶᠠᠯᠠᠬᠤ᠂ ᠳ᠋ᠠᠶᠢᠲ᠋ᠠ ᠶᠢᠨ ᠭᠡᠷᠡᠴᠢᠯᠡᠯ ᠵᠢᠴᠢ ᠮᠡᠳᠡᠯᠭᠡ ᠶᠢᠨ ᠦᠮᠴᠢᠯᠡᠯ ᠤᠨ ᠡᠷᠬᠡ ᠶᠢᠨ ᠦᠢᠯᠡᠴᠢᠯᠡᠭᠡ ᠵᠡᠷᠭᠡ ᠬᠦᠷᠢᠶ᠎ᠡ ᠴᠠᠷᠠᠭ᠎ᠠ ᠶᠢ ᠬᠠᠮᠤᠷᠪᠠ᠃ ︵ᠬᠥᠬᠡᠬᠤᠲᠠ ᠶᠢᠨ ᠵᠠᠰᠠᠭ ᠤᠨ ᠣᠷᠳᠣᠨ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ