ᠮᠠᠨ ᠤ ᠣᠷᠣᠨ ᠤ ᠠᠵᠤ ᠠᠬᠤᠶᠢᠯᠠᠯ ᠳᠤᠮᠳᠠᠳᠤ ᠤᠯᠤᠰ ᠤᠨ ᠲᠤᠰᠬᠠᠶ ᠠᠰᠢᠭ ᠤᠨ ᠱᠠᠩᠨᠠᠯ ᠤᠨ ᠥᠩᠭᠡᠷᠡᠭᠰᠡᠨ ᠵᠢᠯ ᠤᠳ ᠲᠠᠬᠢ ᠬᠢᠷᠢ ᠪᠦᠲᠦᠮᠵᠢ ᠶᠢ ᠴᠦᠮ ᠳᠠᠪᠠᠭᠰᠠᠨ ᠬᠠᠮᠤᠭ ᠤᠨ ᠰᠠᠶᠢᠨ ᠬᠢᠷᠢ ᠪᠦᠲᠦᠮᠵᠢ ᠶᠢ ᠤᠯᠪᠠ
ᠨᠡᠶᠢᠲᠡᠯᠡᠭᠰᠡᠨ ᠴᠠᠭ᠄
2024/12/25
    12 ᠳ᠋ᠤᠭᠠᠷ ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠲᠤᠰᠬᠠᠶ ᠠᠰᠢᠭ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠬᠡᠷ ᠠᠴᠠ ᠬᠤᠷᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠤᠰᠬᠠᠶ ᠠᠰᠢᠭ ᠤᠨ ᠱᠠᠩᠨᠠᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠪᠡ᠃ ᠮᠠᠨ ᠤ ᠣᠷᠣᠨ ᠤ ᠮᠧᠩ ᠨᠢᠦ ᠰᠦ ᠰᠠᠭᠠᠯᠢ ᠶᠢᠨ ᠦᠢᠯᠡᠰ ᠤᠨ DHA ᠵᠠᠮᠠᠭ ᠤᠨ ᠲᠣᠰᠣ ᠠᠭᠤᠯᠬᠤ ᠨᠠᠶᠢᠷᠠᠭᠤᠯᠤᠭᠰᠠᠨ ᠰᠦ ᠵᠢᠴᠢ ᠲᠡᠭᠦᠨ ᠤ ᠦᠢᠯᠡᠳᠪᠦᠷᠢᠯᠡᠬᠦ ᠠᠷᠭ᠎ᠠ᠂ ᠢᠯᠢ ᠠᠵᠤ ᠦᠢᠯᠡᠰ ᠤᠨ ᠪᠦᠲ᠋ᠢᠯ ᠬᠦᠴᠢᠯ ᠦᠢᠯᠡᠳᠪᠦᠷᠢᠯᠡᠬᠦ ᠢ ᠱᠧᠩ ᠶᠤᠸᠠᠨ ᠠᠰᠢᠭᠲᠤ ᠪᠠᠺᠲ᠋ᠧᠷᠢ ᠶᠢᠨ ᠦᠷ᠎ᠡ ᠠᠰᠢᠭ ᠢ ᠨᠡᠮᠡᠭᠳᠡᠭᠦᠯᠬᠦ ᠨᠡᠶᠢᠯᠡᠮᠡᠯ ᠬᠤᠶᠠᠷ ᠵᠦᠢᠯ ᠤᠨ ᠲᠤᠰᠬᠠᠶ ᠠᠰᠢᠭ ᠨᠢ ᠮᠥᠩᠭᠦᠨ ᠮᠧᠳᠠᠯ ᠣᠯᠵᠤ᠂ ᠮᠧᠩ ᠨᠢᠦ ᠰᠦ ᠰᠠᠭᠠᠯᠢ ᠶᠢᠨ ᠦᠢᠯᠡᠰ ᠤᠨ ᠪᠣᠭᠤᠳᠠᠯ ᠤᠨ ᠬᠠᠶᠢᠷᠴᠠᠭ ᠨᠢ ᠭᠠᠳᠠᠷ ᠳᠦᠷᠰᠦ ᠶᠢᠨ ᠵᠢᠷᠤᠭ ᠲᠥᠯᠥᠪᠯᠡᠭᠡ ᠶᠢᠨ ᠰᠢᠯᠢᠳᠡᠭ ᠱᠠᠩᠨᠠᠯᠬᠦᠷᠲᠡᠪᠡ᠂ ᠡᠨᠡ ᠪᠣᠯ ᠮᠠᠨ ᠤ ᠣᠷᠣᠨ ᠥᠩᠭᠡᠷᠡᠭᠰᠡᠨ ᠵᠢᠯ ᠤᠳ ᠢ ᠪᠣᠳᠤᠪᠠᠯ ᠳᠤᠮᠳᠠᠳᠤ ᠤᠯᠤᠰ ᠤᠨ ᠲᠤᠰᠬᠠᠶ ᠠᠰᠢᠭ ᠤᠨ ᠱᠠᠩᠨᠠᠯ ᠳᠤ ᠣᠯᠤᠭᠰᠠᠨ ᠬᠠᠮᠤᠭ ᠤᠨ ᠰᠠᠶᠢᠨ ᠬᠢᠷᠢ ᠪᠦᠲᠦᠮᠵᠢ ᠪᠣᠯᠤᠨ᠎ᠠ᠃ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ