ᠪᠤᠭᠤᠲᠤ ᠬᠤᠲᠠ᠄ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠦᠷᠭᠦᠯᠵᠢᠯᠡᠨ ᠬᠦᠴᠦᠯᠡᠵᠦ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠦᠭᠵᠢᠭᠡᠨ᠎ᠡ
ᠨᠡᠶᠢᠲᠡᠯᠡᠭᠰᠡᠨ ᠴᠠᠭ᠄
2024/12/3
    ᠪᠤᠭᠤᠲᠤ ᠬᠤᠲᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠤᠯᠳᠠᠯᠭ᠎ᠠ ᠶᠢ ᠪᠠᠷᠢᠮᠲᠠᠯᠠᠵᠤ᠂ ᠴᠢᠳᠠᠪᠤᠷᠢᠲᠠᠨ ᠢ ᠬᠤᠲᠠ ᠶᠢᠨ ᠲᠠᠰ ᠳᠡᠪᠰᠢᠬᠦ ᠶᠢ ᠠᠬᠢᠭᠤᠯᠬᠤ ︽ᠨᠢᠭᠡᠳᠦᠭᠡᠷ ᠡᠬᠢ ᠪᠠᠶᠠᠯᠢᠭ︾ ᠢᠶᠠᠷ ᠦᠵᠡᠵᠦ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠰᠢᠨ᠎ᠡ ᠶᠢ ᠡᠭᠦᠳᠬᠦ ᠠᠷᠭ᠎ᠠ ᠵᠠᠮ ᠢ ᠬᠦᠴᠦᠯᠡᠨ ᠰᠦᠪᠡᠭᠴᠢᠯᠡᠨ᠎ᠡ᠃ ︽ᠴᠢᠳᠠᠪᠤᠷᠢᠲᠠᠨ ᠢ ᠳᠠᠭᠠᠭᠠᠵᠤ ᠠᠪᠬᠤ᠂ ᠲᠡᠷᠢᠭᠦᠨ ᠴᠢᠬᠤᠯᠠ ᠶᠠᠪᠤᠳᠠᠯ︾ ᠴᠢᠳᠠᠪᠤᠷᠢᠲᠠᠨ ᠤ ᠨᠠᠷᠠᠲᠤ ᠲᠡᠮᠳᠡᠭᠲᠦ ᠶᠢᠨ ᠦᠢᠯᠡᠳᠦᠯ ᠢ ᠦᠷᠭᠦᠯᠵᠢᠯᠡᠨ ᠥᠷᠭᠡᠳᠬᠡᠵᠦ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠴᠢᠳᠠᠪᠤᠷᠢᠲᠠᠨ ᠤ ᠦᠢᠯᠡᠴᠢᠯᠡᠭᠡᠨ ᠤ ᠠᠵᠢᠯ ᠤᠨ ᠲᠣᠭᠲᠠᠯᠴᠠᠭ᠎ᠠ ᠶᠢ ᠪᠠᠶᠢᠭᠤᠯᠤᠨ᠂ ᠴᠢᠳᠠᠪᠤᠷᠢᠲᠠᠨ ᠢ ᠲᠠᠲᠠᠬᠤ᠂ ᠴᠢᠳᠠᠪᠤᠷᠢᠲᠠᠨ ᠢ ᠦᠯᠡᠳᠡᠭᠡᠬᠦ᠂ ᠴᠢᠳᠠᠪᠤᠷᠢᠲᠠᠨ ᠢ ᠬᠡᠷᠡᠭᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠦᠷᠭᠦᠯᠵᠢᠯᠡᠨ ᠬᠦᠴᠦᠯᠡᠵᠦ᠂ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠳᠣᠲᠣᠭᠠᠳᠤ ᠬᠥᠳᠡᠯᠭᠡᠬᠦ ᠬᠦᠴᠦᠨ ᠬᠦᠷᠭᠡᠪᠡ᠃    ᠴᠢᠳᠠᠪᠤᠷᠢᠲᠠᠨ ᠤᠷᠢᠬᠤ ᠪᠠᠶᠢᠷᠢᠰᠢᠭᠤᠯᠤᠯ ᠤᠨ ᠰᠢᠰᠲ᠋ᠧᠮᠵᠢᠭᠦᠯᠦᠯ    ᠠᠵᠢᠯ ᠦᠢᠯᠡᠰ ᠤᠨ ᠨᠢᠭᠡᠴᠢ᠂ ᠲᠣᠮᠣ ᠬᠡᠯᠪᠡᠷᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠬᠢᠭᠡᠳ ᠰᠢᠨ᠎ᠡ ᠬᠡᠯᠪᠡᠷᠢ ᠶᠢᠨ ᠠᠷᠠᠳ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠡᠮᠬᠢᠯᠡᠨ ᠨᠡᠶᠢᠯᠡᠭᠦᠯᠵᠦ᠂ ︽ᠲᠠᠪᠤᠨ ᠶᠡᠭᠡ ᠬᠡᠰᠡᠭ ᠣᠷᠣᠨ︾ ︽ᠬᠤᠶᠠᠷ ᠲᠤᠰᠬᠠᠶ ᠱᠤᠭᠤᠮ︾ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠶᠢᠷᠢᠰᠢᠭᠤᠯᠤᠯᠲᠠ ᠶᠢ ᠨᠠᠷᠢᠨ ᠨᠢᠮᠪᠠᠶ ᠲᠣᠭᠲᠠᠭᠠᠵᠤ᠂ ᠣᠯᠠᠨ ᠶᠡᠭᠡ ᠳᠡᠭᠡᠳᠦ ᠰᠤᠷᠭᠠᠭᠤᠯᠢ ᠳᠤ ᠪᠤᠭᠤᠲᠤ ᠬᠤᠲᠠ ᠶᠢᠨ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ ᠠᠵᠢᠯ ᠤᠨ ᠥᠷᠲᠡᠭᠡ ᠪᠠᠶᠢᠭᠤᠯᠬᠤ ᠶᠢ ᠢᠳᠡᠪᠬᠢᠲᠡᠶ ᠲᠠᠨᠢᠯᠴᠠᠭᠤᠯᠵᠤ᠂ ᠣᠯᠠᠨ ᠶᠡᠭᠡ ᠳᠡᠭᠡᠳᠦ ᠰᠤᠷᠭᠠᠭᠤᠯᠢ ᠶᠢᠨ ᠤᠷᠢᠵᠤ ᠡᠯᠰᠡᠬᠦ ᠭᠠᠵᠠᠷ ᠤᠨ ᠳᠠᠷᠤᠭ᠎ᠠ ᠶᠢ ᠤᠷᠢᠵᠤ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ ᠡᠯᠴᠢᠨ ᠰᠠᠶᠢᠳ ᠤᠨ ᠲᠤᠰᠢᠶᠠᠯ ᠢ ᠡᠭᠦᠷᠭᠡᠯᠡᠭᠦᠯᠵᠦ᠂ ᠪᠡᠭᠡᠵᠢᠩ ᠲᠢᠶᠠᠨᠵᠢᠨ ᠾᠧᠪᠧᠶ᠂ ᠱᠠᠨᠰᠢ ᠭᠠᠨᠰᠦ ᠨᠢᠩᠰᠢᠶᠠ᠂ ᠵᠡᠭᠦᠨ ᠭᠤᠷᠪᠠᠨ ᠮᠤᠵᠢ ᠪᠠ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠪᠣᠯᠬᠤ ᠣᠷᠣᠨ ᠪᠦᠰᠡ ᠶᠢᠨ ᠴᠢᠳᠠᠪᠤᠷᠢᠲᠠᠨ ᠤ ᠬᠠᠮᠲᠤᠷᠠᠯᠴᠠᠭᠠᠨ ᠤ ᠨᠢᠭᠡᠨ ᠲᠣᠮᠣ ᠲᠣᠤᠷ ᠢ ᠠᠮᠵᠢᠯᠲᠠ ᠲᠠᠢ ᠨᠡᠬᠡᠪᠡ᠃ ᠵᠢᠯ ᠪᠦᠷᠢ ᠶᠢᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠤᠯᠠᠷᠢᠯ ᠳᠤ᠂ ᠮᠠᠨ ᠤ ᠬᠤᠲᠠ ᠶᠢᠨ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠤᠨ ᠨᠠᠷᠢᠨ ᠬᠠᠭᠤᠳᠠᠰᠤ᠂ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠡᠨᠡ ᠬᠦ ᠰᠦᠯᠵᠢᠶ᠎ᠡ ᠪᠠᠷ ᠳᠠᠮᠵᠢᠨ ᠪᠥᠬᠦ ᠤᠯᠤᠰ ᠤᠨ 465 ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠦᠯᠵᠢᠶᠡᠨ ᠳᠤ ᠨᠠᠷᠢᠨ ᠣᠨᠣᠪᠴᠢᠲᠠᠶ ᠪᠠᠷ ᠭᠦᠷᠴᠦ᠂ ᠴᠢᠳᠠᠪᠤᠷᠢᠲᠠᠨ ᠬᠢᠭᠡᠳ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠰᠢᠯᠢᠳᠡᠭ ᠰᠠᠯᠠᠭᠠᠨ ᠤ ᠳᠡᠰ ᠤᠨ ᠺᠠᠳ᠋ᠷ ᠢ ᠰᠣᠩᠭᠤᠨ ᠲᠣᠮᠢᠯᠠᠵᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠤᠰᠬᠠᠢ ᠲᠤᠰᠢᠶᠠᠯᠲᠠᠨ ᠤ ᠲᠤᠰᠢᠶᠠᠯ ᠢ ᠡᠭᠦᠷᠭᠡᠯᠡᠭᠦᠯᠵᠦ᠂ ᠪᠡᠭᠡᠵᠢᠩ ᠲᠢᠶᠠᠨᠵᠢᠨ ᠾᠧᠪᠸᠢ ᠶᠢᠨ ᠣᠷᠣᠨ ᠪᠦᠰᠡ ᠶᠢᠨ ᠶᠡᠭᠡ ᠳᠡᠭᠡᠳᠦ ᠰᠤᠷᠭᠠᠭᠤᠯᠢ ᠲᠠᠢ ᠭᠦᠨᠵᠡᠭᠡᠢ ᠵᠣᠯᠭᠠᠭᠤᠯᠵᠤ᠂ ᠠᠵᠤ ᠠᠬᠤᠶᠢᠯᠠᠯ ᠪᠣᠯᠤᠨ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ᠂ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠤᠯᠠᠨ ᠬᠦᠷᠢᠶᠡᠨ ᠳᠤ ᠭᠦᠨᠵᠡᠭᠡᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠤᠯᠠᠷᠢᠯ ᠳᠤ ᠬᠦᠴᠦ ᠪᠠᠨ ᠲᠥᠪᠯᠡᠷᠡᠭᠦᠯᠦᠨ᠂ ᠡᠭᠡᠯᠵᠢ ᠪᠦᠷᠢ ᠶᠢᠨ ᠰᠤᠷᠭᠠᠭᠤᠯᠢ ᠶᠢᠨ ᠬᠦᠷᠢᠶᠡᠨ ᠳᠤ ᠴᠢᠳᠠᠪᠤᠷᠢᠲᠠᠨ ᠤᠷᠢᠵᠤ ᠣᠶᠤᠨ ᠤᠬᠠᠭᠠᠨ ᠢ ᠲᠠᠲᠠᠬᠤ ᠥᠷᠨᠢᠯᠲᠡ ᠭᠠᠷᠭᠠᠪᠠ᠃    ᠡᠨᠡ ᠵᠢᠯ ᠤᠨ ᠨᠠᠮᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤᠷᠢᠵᠤ ᠡᠯᠰᠡᠬᠦ ᠬᠤᠷᠠᠯ ᠳᠤ᠂ ᠮᠠᠨ ᠤ ᠬᠤᠲᠠ ᠶᠢᠨ 7 ᠤᠷᠢᠵᠤ ᠡᠯᠰᠡᠬᠦ ᠪᠠᠭ᠎ᠠ ᠠᠩᠭᠢ ᠠᠯᠬᠤᠭ᠎ᠠ ᠵᠣᠭᠰᠤᠯ ᠦᠭᠡᠢ᠂ ᠬᠠᠷᠪᠢᠨ ᠭᠢᠷᠢᠨ ᠯᠢᠶᠣᠤᠨᠢᠩ᠂ ᠱᠠᠨ ᠰᠢ ᠱᠠᠨᠳᠦ᠋ᠩ ᠾᠧᠨᠠᠨ ᠵᠢᠶᠠᠩ ᠰᠦ᠂ ᠱᠠᠨᠰᠢ ᠭᠠᠨᠰᠦ ᠴᠢᠩ ᠴᠤᠸᠠᠨ᠂ ᠥᠪᠥᠷ ᠮᠣᠩᠭᠤᠯ᠂ ᠪᠡᠭᠡᠵᠢᠩ ᠲᠢᠶᠠᠨᠵᠢᠨ ᠾᠧᠪᠸᠢ ᠣᠷᠳᠣᠰ ᠪᠣᠯᠤᠨ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ 70 ᠭᠠᠷᠤᠶ ᠬᠠᠷᠠᠯᠲᠠ ᠶᠡᠭᠡ ᠳᠡᠭᠡᠳᠦ ᠰᠤᠷᠭᠠᠭᠤᠯᠢ ᠳᠤ ᠬᠦᠷᠴᠦ ᠨᠠᠷᠢᠯᠢᠭ ᠤᠨᠤᠪᠴᠢᠲᠠᠢ ᠴᠢᠳᠠᠪᠤᠷᠢᠲᠠᠨ ᠣᠷᠤᠭᠤᠯᠬᠤ ᠶᠢ ᠦᠷᠨᠢᠭᠦᠯᠪᠡ᠃ ᠰᠠᠷ᠎ᠠ ᠭᠠᠷᠤᠢ ᠶᠢᠨ ᠬᠤᠭᠤᠴᠠᠭᠠᠨ ᠳᠤ᠂ ᠪᠤᠭᠤᠲᠤ ᠳᠤ ᠢᠷᠡᠬᠦ ᠰᠠᠨᠠᠭᠠᠴᠢᠯᠠᠭ᠎ᠠ ᠲᠠᠢ ᠲᠡᠭᠦᠰᠬᠦ ᠰᠤᠷᠤᠭᠴᠢᠳ ᠤᠨ ᠲᠣᠪᠴᠢ ᠨᠠᠮᠲᠠᠷ ᠢ ᠨᠡᠶᠢᠲᠡ 12513 ᠬᠤᠪᠢ ᠬᠦᠯᠢᠶᠡᠨ ᠠᠪᠴᠤ᠂ 2023 ᠣᠨ ᠤ ᠨᠠᠮᠤᠷ ᠤᠨ ᠬᠢ ᠠᠴᠠ 98% ᠪᠠᠷ ᠨᠡᠮᠡᠭᠳᠡᠵᠦ᠂ 2024 ᠣᠨ ᠤ ᠬᠠᠪᠤᠷ ᠤᠨ ᠬᠢ ᠠᠴᠠ 84% ᠪᠠᠷ ᠨᠡᠮᠡᠭᠳᠡᠵᠦ᠂ ᠰᠠᠨᠠᠮᠵᠢ ᠶᠢᠨ ᠲᠣᠪᠴᠢ ᠨᠠᠮᠲᠠᠷ ᠤᠨ ᠶᠡᠷᠦᠩᠬᠡᠢ ᠬᠡᠮᠵᠢᠶ᠎ᠡ ᠨᠢ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠶᠡᠷᠦᠩᠬᠡᠢ ᠬᠡᠮᠵᠢᠶ᠎ᠡ ᠶᠢᠨ 9.29 ᠳᠠᠬᠢᠨ ᠪᠣᠯᠪᠠ᠂ ᠡᠭᠦᠨ ᠳᠤ ᠠᠰᠫᠢᠷᠠᠨᠲ᠂ ᠳ᠋ᠣᠺᠲ᠋ᠣᠷᠠᠨᠲ ᠤᠨ ᠲᠣᠪᠴᠢ ᠨᠠᠮᠲᠠᠷ ᠤᠨ ᠡᠵᠡᠯᠡᠬᠦ ᠬᠠᠷᠢᠴᠠᠯ ᠨᠢ 57.08% ᠳᠤ ᠬᠦᠷᠴᠦ᠂ ᠠᠰᠫᠢᠷᠠᠨᠲ ᠤᠨ ᠲᠣᠪᠴᠢ ᠨᠠᠮᠲᠠᠷ ᠤᠨ ᠲᠤᠭ᠎ᠠ ᠬᠡᠮᠵᠢᠶ᠎ᠡ ᠨᠢ ᠬᠠᠪᠤᠷ ᠤᠨ ᠬᠢ ᠠᠴᠠ 166% ᠪᠠᠷ ᠨᠡᠮᠡᠭᠳᠡᠵᠡᠢ᠃    ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢ ᠲᠣᠬᠢᠷᠠᠯᠴᠠᠭᠤᠯᠤᠨ ᠣᠨᠣᠪᠴᠢᠯᠠᠬᠤ    ᠬᠤᠪᠣᠷ ᠰᠢᠷᠣᠢ᠂ ᠭᠡᠷᠡᠯ ᠸᠣᠯᠲ ᠵᠡᠷᠭᠡ ᠳᠠᠪᠠᠭᠤᠯᠢᠭ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢᠨ ᠲᠣᠭᠤᠷᠢᠨ ᠳᠤ᠂ ᠴᠢᠳᠠᠪᠤᠷᠢᠲᠠᠨ ᠤᠷᠢᠬᠤ ᠰᠡᠳᠭᠢᠴᠡ ᠶᠢᠨ ᠰᠢᠨ᠎ᠡ ᠶᠢ ᠡᠭᠦᠳᠴᠦ᠂ ︽ᠠᠵᠢᠯ ᠦᠢᠯᠡᠰ ᠤᠨ ᠣᠷᠣᠨ ᠲᠤᠭ᠎ᠠ ᠶᠢᠨ ᠠᠵᠤ ᠠᠬᠤᠶᠢᠯᠠᠯ ᠤᠨ ᠬᠡᠷᠡᠭᠯᠡᠯᠲᠡ︾᠂ ︽ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠠᠵᠤ ᠠᠬᠤᠶᠢᠯᠠᠯ ᠤᠨ ᠬᠡᠷᠡᠭᠯᠡᠯᠲᠡ︾᠂ ︽ᠠᠵᠤ ᠠᠬᠤᠶᠢᠯᠠᠯ ᠤᠨ ᠴᠢᠳᠠᠪᠤᠷᠢᠲᠠᠨ ᠤ ᠶᠡᠭᠡ ᠳᠡᠭᠡᠳᠦ ᠰᠤᠷᠭᠠᠭᠤᠯᠢ ᠶᠢᠨ ᠬᠡᠷᠡᠭᠯᠡᠯᠲᠡ︾ ᠵᠡᠷᠭᠡ ᠣᠯᠠᠨ ᠡᠰᠢᠲᠦ ᠴᠢᠳᠠᠪᠤᠷᠢᠲᠠᠨ ᠤᠷᠢᠬᠤ ᠠᠷᠭ᠎ᠠ ᠪᠣᠳᠣᠯᠭ᠎ᠠ ᠭᠠᠷᠭᠠᠪᠠ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠴᠢᠳᠠᠪᠤᠷᠢᠲᠠᠨ ᠢ ᠬᠠᠮᠲᠤ ᠪᠠᠷ ᠲᠠᠲᠠᠬᠤ ᠪᠠ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠬᠦ ᠶᠢ ᠢᠳᠡᠪᠬᠢᠲᠡᠶ ᠠᠬᠢᠭᠤᠯᠵᠤ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠨᠡᠶᠢᠲᠡᠯᠡᠬᠦ ᠠᠴᠠ ᠴᠢᠳᠠᠪᠤᠷᠢᠲᠠᠨ ᠤ ᠠᠵᠢᠯ ᠳᠤ ᠣᠷᠣᠬᠤ ᠨᠥᠬᠦᠪᠥᠷᠢ ᠶᠢ ᠭᠤᠶᠤᠴᠢᠯᠠᠨ ᠮᠡᠳᠡᠭᠦᠯᠬᠦ ᠪᠣᠯᠲᠠᠯ᠎ᠠ ᠴᠥᠮ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ᠂ ᠥᠨᠴᠥᠭ ᠪᠤᠯᠤᠩ ᠥᠬᠡᠶ ᠬᠦᠷᠭᠡᠬᠦ ᠶᠢ ᠪᠡᠶᠡᠯᠡᠭᠦᠯᠵᠦ᠂ ᠬᠥᠮᠦᠨ ᠬᠡᠷᠡᠭᠯᠡᠬᠦ ᠨᠢᠭᠡᠴᠡ᠂ ᠶᠡᠭᠡ ᠳᠡᠭᠡᠳᠦ ᠰᠤᠷᠭᠠᠭᠤᠯᠢ ᠬᠢᠭᠡᠳ ᠵᠠᠯᠠᠭᠤ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠲᠣᠳᠣᠷᠬᠠᠶ ᠡᠵᠡᠮᠰᠢᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ︽ᠠᠵᠤ ᠠᠬᠤᠶᠢᠯᠠᠯ ᠳᠤ ᠣᠷᠣᠭᠤᠯᠬᠤ᠂ ᠲᠥᠷᠥ ᠶᠢᠨ ᠪᠣᠳᠣᠯᠭ᠎ᠠ ᠬᠦᠷᠭᠡᠬᠦ᠂ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠬᠤ︾ ᠲᠤᠰᠬᠠᠶ ᠠᠵᠢᠯᠯᠠᠭ᠎ᠠ ᠵᠢᠴᠢ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠦᠰᠡᠯ ᠱᠠᠭᠠᠷᠳᠠᠯᠭ᠎ᠠ ᠶᠢ ᠨᠢ ᠰᠣᠨᠣᠰᠴᠤ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ᠂ ᠡᠯ᠎ᠡ ᠲᠠᠯ᠎ᠠ ᠶᠢᠨ ᠬᠢᠨ ᠤ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠴᠢᠳᠠᠪᠤᠷᠢᠲᠠᠨ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠪᠠ᠃ ᠣᠲᠣ ᠪᠣᠯᠲᠠᠯ᠎ᠠ᠂ ᠮᠠᠨ ᠤ ᠬᠤᠲᠠ ᠨᠢᠭᠡᠨᠲᠡ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠰᠡᠬᠦ ᠳᠤᠲᠠᠭᠳᠠᠵᠤ ᠪᠠᠶᠢᠭ᠎ᠠ ᠴᠢᠳᠠᠪᠤᠷᠢᠲᠠᠨ ᠢ 8315 ᠬᠥᠮᠦᠨ ᠠᠮᠵᠢᠯᠲᠠ ᠲᠠᠢ ᠪᠠᠷ ᠲᠡᠳᠡᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 13.2% ᠢᠶᠠᠷ ᠨᠡᠮᠡᠭᠳᠡᠪᠡ᠃    ᠴᠢᠳᠠᠪᠦᠷᠢᠲᠠᠨ ᠢ ᠮᠥᠷᠳᠡᠨ ᠳᠠᠭᠠᠵᠤ ᠦᠢᠯᠡᠴᠢᠯᠡᠬᠦ ᠶᠢ ᠨᠠᠷᠢᠯᠢᠭᠵᠢᠭᠤᠯᠬᠤ    ᠴᠢᠳᠠᠪᠤᠷᠢᠲᠠᠨ ᠤ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠲᠠᠯ᠎ᠠ ᠪᠠᠷ᠂ ᠪᠤᠭᠤᠲᠤ ᠬᠤᠲᠠ ᠨᠠᠷᠢᠨ ᠨᠢᠮᠪᠠᠢ ᠲᠥᠯᠥᠪᠵᠢᠭᠦᠯᠵᠦ᠂ ᠨᠠᠷᠢᠯᠢᠭ ᠪᠠᠶᠢᠷᠢᠰᠢᠭᠤᠯᠵᠤ᠂ ᠴᠢᠳᠠᠪᠤᠷᠢᠲᠠᠨ ᠤ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠪᠦᠬᠦ ᠲᠠᠯ᠎ᠠ ᠶᠢᠨ ᠳᠡᠮᠵᠢᠯᠭᠡ ᠬᠠᠩᠭᠠᠪᠠ᠃ ᠴᠢᠳᠠᠪᠤᠷᠢᠲᠠᠨ ᠨᠥᠭᠡᠴᠡᠯᠡᠬᠦᠬᠤᠭᠤᠴᠠᠭᠠᠨ ᠳᠤ᠂ 31 ᠶᠡᠭᠡ ᠳᠡᠭᠡᠳᠦ ᠰᠤᠷᠭᠠᠭᠤᠯᠢ ᠲᠠᠢ ᠳᠠᠳᠤᠯᠭ᠎ᠠ ᠦᠢᠯᠡᠳᠦᠯᠭᠡ ᠶᠢᠨ ᠬᠠᠮᠲᠤᠷᠠᠯᠴᠠᠭᠠᠨ ᠤ ᠰᠠᠭᠤᠷᠢᠨ ᠭᠠᠵᠠᠷ ᠪᠠᠶᠢᠭᠤᠯᠵᠤ᠂ ᠵᠠᠯᠠᠭᠤ ᠴᠢᠳᠠᠪᠤᠷᠢᠲᠠᠨ ᠤ ᠪᠣᠭᠤᠲᠤ ᠳᠤ ᠢᠷᠡᠵᠦ ᠠᠵᠢᠯ ᠤᠨ ᠪᠠᠶᠢᠷᠢ ᠪᠠᠨ ᠳᠠᠭᠠᠵᠤ ᠪᠣᠯᠪᠠᠰᠤᠷᠠᠯ ᠬᠢᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠲᠡ 266 ᠬᠥᠮᠦᠨ ᠬᠡᠷᠡᠭᠯᠡᠬᠦ ᠨᠢᠭᠡᠴᠢ ᠶᠢᠨ 2296 ᠰᠢᠯᠢᠳᠡᠭ ᠳᠠᠳᠤᠯᠭ᠎ᠠ ᠬᠢᠬᠦ ᠠᠵᠢᠯ ᠤᠨ ᠪᠠᠶᠢᠷᠢ ᠶᠢ ᠡᠯᠰᠡᠵᠦ᠂ 1295 ᠰᠤᠷᠤᠭᠴᠢ ᠶᠢ ᠵᠣᠬᠢᠶᠠᠨ ᠪᠠᠶᠢᠭᠤᠯᠵᠤ ᠠᠵᠢᠯ ᠤᠨ ᠪᠠᠶᠢᠷᠢ ᠳᠤ ᠭᠠᠷᠭᠠᠨ ᠳᠠᠳᠤᠯᠭ᠎ᠠ ᠬᠢᠯᠭᠡᠪᠡ᠃ ᠠᠵᠢᠯ ᠰᠣᠩᠭᠤᠬᠤ ᠬᠤᠭᠤᠴᠠᠭᠠᠨ ᠳᠤ᠂ ᠴᠢᠳᠠᠪᠤᠷᠢᠲᠠᠨ ᠨᠥᠭᠡᠴᠡᠯᠡᠬᠦ ᠬᠥᠮᠥᠷᠭᠡ ᠬᠢᠭᠡᠳ ︽ᠨᠢᠭᠡ ᠬᠥᠮᠦᠨ ᠨᠢᠭᠡ ᠬᠡᠷᠡᠭ ᠨᠢᠭᠡ ᠬᠠᠷᠢᠯᠴᠠᠨ ᠵᠣᠯᠭᠠᠭᠤᠯᠬᠤ︾ ᠥᠪᠡᠷᠮᠢᠴᠡ ᠬᠠᠷᠢᠯᠴᠠᠭᠠᠨ ᠤ ᠲᠣᠭᠲᠠᠴᠠ ᠶᠢ ᠪᠠᠶᠢᠭᠤᠯᠵᠤ᠂ ᠪᠤᠭᠤᠲᠤ ᠳᠤ ᠢᠷᠡᠬᠦ ᠰᠠᠨᠠᠮᠵᠢ ᠲᠠᠢ ᠵᠠᠯᠠᠭᠤ ᠴᠢᠳᠠᠪᠤᠷᠢᠲᠠᠨ ᠢ ᠳᠠᠭᠠᠭᠠᠴᠢᠯᠠᠨ ᠠᠪᠴᠢᠷᠠᠵᠤ ᠦᠷᠭᠦᠯᠵᠢᠯᠡᠨ ᠮᠥᠷᠳᠡᠨ ᠦᠢᠯᠡᠴᠢᠯᠡᠬᠦ ᠵᠠᠭᠪᠤᠷ ᠢ ᠬᠡᠷᠡᠭᠵᠢᠭᠦᠯᠦᠨ᠂ ᠳ᠋ᠣᠺᠲ᠋ᠣᠷ ᠤᠨ ︽1 + N︾ ᠲᠠᠨᠢᠯᠴᠠᠭᠤᠯᠬᠤ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠰᠠᠨᠠᠮᠵᠢ ᠲᠠᠢ ᠴᠢᠳᠠᠪᠤᠷᠢᠲᠠᠨ ᠨᠢᠭᠡᠪᠦᠷᠢ ᠴᠥᠮ ᠨᠠᠷᠢᠯᠢᠭ ᠣᠨᠤᠪᠴᠢᠲᠠᠢ ᠵᠣᠯᠭᠠᠭᠤᠯᠬᠤ ᠪᠠ ᠳᠣᠲᠣᠨᠣ ᠪᠠᠷ ᠬᠠᠯᠠᠮᠵᠢᠯᠠᠬᠤ ᠶᠢ ᠦᠨᠡᠨ ᠬᠦ ᠪᠠᠲᠤᠯᠠᠵᠤ᠂ ᠰᠠᠨᠠᠮᠵᠢ ᠶᠢᠨ ᠴᠢᠳᠠᠪᠤᠷᠢᠲᠠᠨ ᠤ ᠭᠡᠷ᠎ᠡ ᠲᠣᠭᠲᠠᠬᠤ ᠠᠵᠢᠯ ᠳᠤ ᠣᠷᠣᠬᠤ ᠨᠣᠷᠮ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠪᠡ᠃ ᠠᠩᠬ᠎ᠠ ᠦᠢᠯᠡᠰ ᠴᠣᠭᠴᠠᠯᠠᠬᠤ ᠬᠤᠭᠤᠴᠠᠭᠠᠨ ᠳᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ︽ᠵᠥᠭᠡᠯᠡᠨ ᠣᠷᠴᠢᠨ ᠲᠣᠭᠤᠷᠢᠨ︾ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠴᠢᠳᠠᠪᠤᠷᠢᠲᠠᠨ ᠤ ᠬᠢᠮᠳᠠ ᠣᠷᠣᠨ ᠰᠠᠭᠤᠴᠠ ᠶᠢᠨ ᠪᠠᠲᠤᠯᠠᠭ᠎ᠠ᠂ ᠵᠠᠯᠠᠭᠤ ᠴᠢᠳᠠᠪᠤᠷᠢᠲᠠᠨ ᠢ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠭᠡᠬᠦ ᠶᠢ ᠪᠡᠶᠡᠯᠡᠭᠦᠯᠵᠦ᠂ ᠨᠦᠬᠦᠪᠦᠷᠢ ᠭᠤᠶᠤᠴᠢᠯᠠᠪᠠᠯ ᠳᠠᠷᠤᠢ ᠭᠤᠶᠤᠴᠢᠯᠠᠵᠤ ᠳᠠᠷᠤᠢ ᠬᠢᠨᠠᠵᠦ᠂ ᠪᠦᠷ ᠰᠦᠯᠵᠢᠶᠡᠨ ᠳᠡᠭᠡᠷ᠎ᠡ ᠪᠡᠶᠡᠯᠡᠭᠦᠯᠵᠦ᠂ ᠴᠢᠳᠠᠪᠤᠷᠢᠲᠠᠨ ᠭᠦᠶᠦᠬᠦ ᠴᠢᠬᠤᠯᠠ ᠦᠭᠡᠢ︔ ᠬᠥᠭᠵᠢᠯᠲᠡ ᠶᠢᠨ ᠬᠤᠭᠤᠴᠠᠭᠠᠨ ᠳᠤ᠂ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠴᠢᠳᠠᠪᠤᠷᠢᠲᠠᠨ ᠳᠤ ᠬᠢᠮᠳᠠ ᠣᠷᠣᠨ ᠰᠠᠭᠤᠴᠠ ᠶᠢᠨ ᠪᠠᠲᠤᠯᠠᠭ᠎ᠠ᠂ 24 ᠴᠠᠭ ᠤᠨ ᠡᠪᠡᠳᠴᠢᠨ ᠦᠵᠡᠭᠦᠯᠬᠦ ᠰᠠᠭᠠᠳ ᠥᠬᠡᠶ ᠨᠡᠪᠲᠡᠷᠡᠬᠦ ᠵᠠᠮ᠂ ᠬᠠᠨᠢ ᠨᠥᠬᠦᠷ ᠢ ᠨᠢ ᠠᠵᠢᠯ ᠣᠯᠭᠤᠵᠤ ᠲᠥᠪᠬᠢᠨᠡᠭᠦᠯᠬᠦ᠂ ᠦᠷ᠎ᠡ ᠬᠡᠦᠬᠡᠳ ᠤᠨ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠲᠤᠯᠠᠭ᠎ᠠ᠂ ᠶᠠᠪᠤᠵᠤ ᠰᠠᠭᠤᠬᠤ ᠳᠤ ᠳᠥᠭᠦᠮ ᠳᠥᠲᠡ ᠵᠡᠷᠭᠡ ᠨᠢᠭᠡ ᠦᠷᠲᠡᠭᠡ ᠮᠠᠶ᠋ᠢᠭ ᠤᠨ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠵᠠᠭᠤᠨ ᠳ᠋ᠣᠺᠲ᠋ᠣᠷ ᠤᠨ ᠠᠵᠤ ᠠᠬᠤᠶᠢᠯᠠᠯ ᠤᠨ ᠠᠶᠠᠯᠠᠯ᠂ ᠠᠵᠤ ᠦᠢᠯᠡᠰ ᠤᠨ ᠴᠢᠳᠠᠪᠤᠷᠢᠲᠠᠨ ᠤ ᠰᠣᠯᠢᠯᠴᠠᠭᠠᠨ ᠤ ᠶᠠᠷᠢᠶᠠᠨ ᠤ ᠲᠠᠪᠴᠠᠩ ᠵᠡᠷᠭᠡ ᠡᠯᠪᠡᠭ ᠪᠠᠶᠠᠯᠢᠭ ᠰᠣᠯᠢᠯᠴᠠᠭᠠᠨ ᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠴᠢᠳᠠᠪᠤᠷᠢᠲᠠᠨ ᠤ ᠬᠤᠭᠤᠷᠣᠨᠳᠣᠬᠢ ᠦᠵᠡᠯ ᠰᠠᠨᠠᠭᠠᠨ ᠤ ᠮᠥᠷᠭᠦᠯᠳᠦᠯ ᠪᠠ ᠬᠠᠮᠲᠤᠷᠠᠨ ᠠᠵᠢᠯᠯᠠᠵᠤ ᠰᠢᠨ᠎ᠡ ᠶᠢ ᠡᠭᠦᠳᠬᠦ ᠶᠢ ᠠᠬᠢᠭᠤᠯᠵᠤ᠂ ᠴᠢᠳᠠᠪᠤᠷᠢᠲᠠᠨ ᠢ ᠪᠤᠭᠤᠲᠤ ᠳᠤ ᠰᠠᠨᠠᠭ᠎ᠠ ᠠᠮᠤᠷ ᠦᠨᠳᠦᠰᠦ ᠬᠠᠳᠬᠤᠭᠤᠯᠵᠤ᠂ ᠨᠢᠭᠡ ᠰᠡᠳᠬᠢᠯ ᠢᠶᠠᠷ ᠠᠳᠠᠯ ᠦᠢᠯᠡᠰ ᠴᠣᠭᠴᠠᠯᠠᠭᠤᠯᠤᠨ᠎ᠠ᠃    ᠣᠲᠣ ᠪᠣᠯᠲᠠᠯ᠎ᠠ᠂ ᠪᠥᠬᠦ ᠬᠤᠲᠠ ᠳᠤ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠢᠮᠳᠠ ᠰᠠᠭᠤᠴᠠ ᠶᠢᠨ ᠪᠠᠲᠤᠯᠠᠭ᠎ᠠ ᠶᠢᠨ ᠴᠢᠳᠠᠪᠤᠷᠢᠲᠠᠨ ᠤ ᠬᠢᠷᠢ ᠬᠡᠮ ᠢ ᠮᠠᠭᠠᠳᠯᠠᠨ ᠲᠣᠭᠲᠠᠭᠠᠬᠤ ᠭᠤᠶᠤᠴᠢᠯᠠᠯ ᠳᠡᠪᠰᠢᠭᠦᠯᠦᠭᠰᠡᠨ 5218 ᠬᠥᠮᠦᠨ ᠬᠢᠨᠠᠨ ᠬᠠᠷᠭᠤᠭᠤᠯᠬᠤ  ᠶᠢ ᠦᠩᠭᠡᠷᠡᠭᠦᠯᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢ ᠨᠢᠭᠡᠨᠲᠡ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠭᠠᠳ ᠲᠠᠷᠠᠭᠠᠴᠢ ᠶᠢᠨ ᠠᠯᠬᠤᠮ ᠤᠨ ᠬᠢᠮᠳᠠ ᠰᠠᠭᠤᠴᠠ ᠶᠢᠨ ᠪᠠᠲᠤᠯᠠᠭ᠎ᠠ ᠶᠢᠨ ᠬᠢᠷᠢ ᠬᠡᠮ ᠢ ᠮᠠᠭᠠᠳᠯᠠᠨ ᠲᠣᠭᠲᠠᠭᠠᠨ᠎ᠠ︔ 823 ᠳ᠋ᠣᠺᠲ᠋ᠣᠷᠠᠨᠲ ᠪᠠ ᠠᠰᠫᠢᠷᠠᠨᠲ ᠨᠢ ᠨᠢᠭᠡ ᠤᠳᠠᠭ᠎ᠠ ᠶᠢᠨ ᠴᠢᠨᠠᠷᠲᠠᠶ ᠵᠠᠯᠠᠭᠤ ᠴᠢᠳᠠᠪᠤᠷᠢᠲᠠᠨ ᠤ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠦᠷᠲᠡᠬᠦ ᠶᠢ ᠠᠮᠵᠢᠯᠲᠠ ᠲᠠᠢ ᠭᠤᠶᠤᠴᠢᠯᠠᠵᠤ᠂ ᠬᠤᠲᠠ ᠶᠢᠨ ᠲᠣᠰ ᠱᠠᠲᠤᠨ ᠤ ᠪᠡᠶᠡᠯᠡᠭᠦᠯᠦᠭᠰᠡᠨ ᠱᠠᠩᠨᠠᠯ ᠤᠨ ᠮᠥᠩᠭᠦ  865 ᠲᠦᠮᠡᠨ ᠲᠥᠭᠦᠷᠢᠭ ᠬᠦᠷᠪᠡ᠂ ᠦᠨᠡᠨ ᠪᠣᠳᠠᠲᠠᠶ ᠪᠠᠯᠠ ᠮᠥᠩᠭᠦ ᠶᠢᠨ ᠳᠡᠮᠵᠢᠯᠭᠡ ᠪᠠ ᠥᠨᠳᠥᠷ ᠪᠦᠲᠦᠮᠵᠢᠲᠡᠶ ᠳᠥᠭᠦᠮ ᠳᠥᠲᠡ ᠦᠢᠯᠡᠴᠢᠯᠡᠭᠡ ᠪᠠᠷ ᠮᠠᠨ ᠤ ᠬᠤᠲᠠ ᠶᠢᠨ ᠴᠢᠳᠠᠪᠤᠷᠢᠲᠠᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠴᠢᠩ ᠰᠡᠳᠬᠢᠯ ᠤᠨ ᠠᠮᠠᠯᠠᠯᠲᠠ ᠶᠢ ᠢᠯᠡᠷᠡᠭᠦᠯᠪᠡ᠃ 
ᠢᠷᠡᠯᠲᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ