ᠤᠷᠠᠳ ᠤᠨ ᠡᠮᠦᠨᠡᠲᠦ ᠬᠤᠰᠢᠭᠤ᠄ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠵᠤ ᠠᠮᠢ ᠠᠬᠤᠶ ᠶᠢᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2024/12/3
    ᠣᠶᠢᠷ᠎ᠠ ᠶᠢᠨ ᠵᠢᠯ ᠳᠤ᠂ ᠤᠷᠠᠳ ᠤᠨ ᠡᠮᠦᠨᠡᠲᠦ ᠬᠤᠰᠢᠭᠤ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠦᠭᠵᠢᠯᠲᠡ ᠶᠢᠨ ᠵᠠᠮ ᠢᠶᠠᠷ ᠢᠮᠠᠭᠲᠠ ᠭᠤᠶᠢᠪᠢᠰᠢ ᠥᠬᠡᠶ ᠵᠠᠮᠨᠠᠵᠤ᠂ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠣᠶ ᠰᠢᠭᠤᠶ ᠡᠪᠡᠰᠦ ᠪᠡᠯᠴᠢᠭᠡᠷ ᠢ ᠰᠦᠢᠳᠭᠡᠬᠦ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠪᠡ᠃    ᠤᠷᠠᠳ ᠤᠨ ᠡᠮᠦᠨᠡᠲᠦ ᠬᠤᠰᠢᠭᠤ ᠪᠣᠷᠣᠲᠣᠬᠤᠶ ᠶᠢᠨ ᠲᠠᠯ᠎ᠠ ᠭᠠᠵᠠᠷ ᠤᠨ ᠵᠡᠭᠦᠨ ᠡᠮᠦᠨ᠎ᠡ ᠬᠡᠰᠡᠭ ᠲᠤ ᠪᠠᠶᠢᠷᠢᠯᠠᠵᠤ᠂ ᠶᠡᠷᠦᠩᠬᠡᠶ ᠲᠠᠯᠠᠪᠠᠶ ᠨᠢ 7476 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ 11 ᠰᠤᠮᠤ ᠪᠠᠯᠭᠠᠰᠤ᠂ 5 ᠲᠠᠷᠢᠶᠠᠯᠠᠩ ᠮᠠᠯᠵᠢᠯ ᠤᠨ ᠲᠠᠯᠠᠪᠠᠶ᠂ 93 ᠭᠠᠴᠠᠭ᠎ᠠ ᠲᠣᠰᠬᠤᠨ ᠢ ᠬᠠᠮᠤᠷᠤᠨ᠎ᠠ᠃ ᠤᠷᠠᠳ ᠤᠨ ᠡᠮᠦᠨᠡᠲᠦ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠡᠯᠪᠡᠭ ᠳᠡᠯᠪᠡᠭ᠂ ᠣᠲᠣ ᠶᠢᠨ ᠪᠠᠶᠢᠭ᠎ᠠ ᠣᠶᠢᠲᠤ ᠭᠠᠵᠠᠷ 143.80 ᠲᠦᠮᠡᠨ ᠮᠥ ᠪᠣᠢ᠂ ᠡᠭᠦᠨ ᠳᠤ ᠲᠤᠷᠤᠭ ᠮᠣᠳᠣᠨ ᠤ ᠣᠶᠢᠲᠤ ᠭᠠᠵᠠᠷ 18.17% ᠶᠢ ᠡᠵᠡᠯᠡᠵᠦ᠂ ᠪᠣᠳᠠ ᠮᠣᠳᠣᠨ ᠤ ᠣᠶᠢᠲᠤ ᠭᠠᠵᠠᠷ 24.53% ᠶᠢ ᠡᠵᠡᠯᠡᠵᠦ᠂ ᠪᠤᠰᠤᠳ ᠣᠶᠢᠲᠤ ᠭᠠᠵᠠᠷ 57.30% ᠶᠢ ᠡᠵᠡᠯᠡᠨ᠎ᠡ︔ ᠪᠡᠯᠴᠢᠭᠡᠷ 388.95 ᠲᠦᠮᠡᠨ ᠮᠥ ᠪᠤᠢ᠂ ᠡᠭᠦᠨ ᠳᠤ ᠪᠠᠶᠢᠭᠠᠯᠢ ᠶᠢᠨ ᠪᠡᠯᠴᠢᠭᠡᠷ ᠨᠢ 7.14% ᠶᠢ ᠡᠵᠡᠯᠡᠵᠦ᠂ ᠲᠠᠷᠢᠮᠠᠯ ᠪᠡᠯᠴᠢᠭᠡᠷ 0.003% ᠶᠢ ᠡᠵᠡᠯᠡᠵᠦ᠂ ᠪᠤᠰᠤᠳ ᠪᠡᠯᠴᠢᠭᠡᠷ ᠭᠠᠵᠠᠷ ᠨᠢ 92.86% ᠶᠢ ᠡᠵᠡᠯᠡᠨ᠎ᠡ᠃    ᠣᠢ ᠰᠢᠭᠤᠶ ᠡᠪᠡᠰᠦ ᠪᠡᠯᠴᠢᠭᠡᠷ ᠲᠤ ᠬᠢᠨᠠᠯᠲᠠ ᠲᠠᠯᠪᠢᠵᠤ ᠪᠠᠶᠢᠴᠠᠭᠠᠬᠤ ᠪᠣᠯ ᠠᠮᠢ ᠠᠬᠤᠢ ᠶᠢᠨ ᠬᠠᠮᠠᠭᠠᠯᠠᠯᠲᠠ ᠶᠢᠨ ᠴᠢᠬᠤᠯᠠ ᠰᠡᠷᠭᠡᠶᠢᠯᠡᠯᠲᠡ ᠶᠢᠨ ᠱᠤᠭᠤᠮ ᠪᠣᠯᠤᠨ᠎ᠠ᠂ 2023 ᠣᠨ ᠤ 3 ᠳ᠋ᠤᠭᠠᠷ ᠰᠠᠷ᠎ᠠ ᠳᠤ᠂ ᠡᠮᠦᠨᠡᠲᠦ ᠬᠤᠰᠢᠭᠤᠨ ᠤ ᠣᠶ ᠰᠢᠭᠤᠶ ᠪᠠ ᠡᠪᠡᠰᠦ ᠪᠡᠯᠴᠢᠭᠡᠷ ᠤᠨ ᠲᠣᠪᠴᠢᠶ᠎ᠠ ᠬᠢᠨᠠᠯᠲᠠ ᠲᠠᠯᠪᠢᠵᠤ ᠪᠠᠶᠢᠴᠠᠭᠠᠬᠤ ᠶᠡᠭᠡ ᠠᠩᠭᠢ ᠪᠠᠶᠢᠭᠤᠯᠵᠤ᠂ ᠪᠥᠬᠦ ᠬᠤᠰᠢᠭᠤᠨ ᠤ 6 ᠰᠤᠮᠤ ᠪᠠᠯᠭᠠᠰᠤᠨ ᠤ ᠴᠢᠬᠤᠯᠠ ᠣᠶᠢᠲᠤ ᠭᠠᠵᠠᠷ᠂ ᠡᠪᠡᠰᠦᠲᠦ ᠭᠠᠵᠠᠷ᠂ ᠨᠤᠭᠤ ᠭᠠᠵᠠᠷ ᠪᠠ ᠨᠤᠭᠤ ᠭᠠᠵᠠᠷ ᠤᠨ ᠴᠡᠴᠡᠷᠯᠢᠭ᠂ ᠨᠤᠭᠤ ᠭᠠᠵᠠᠷ ᠢ ᠨᠡᠭᠡᠭᠡᠨ ᠠᠰᠢᠭᠯᠠᠬᠤ᠂ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠬᠢᠭᠡᠳ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠵᠡᠷᠭᠡ ᠳᠤ ᠭᠤᠤᠯᠳᠠᠯᠭ᠎ᠠ ᠲᠠᠢ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠦᠷᠨᠢᠭᠦᠯᠪᠡ᠃ ᠬᠠᠤᠯᠢ ᠬᠡᠷᠡᠭᠵᠢᠭᠦᠯᠬᠦ ᠠᠵᠢᠯᠲᠠᠳ ᠠᠭᠤᠯᠠᠨ ᠣᠶ᠂ ᠨᠤᠲᠤᠭ ᠪᠡᠯᠴᠢᠭᠡᠷ ᠤᠨ ᠲᠣᠭᠤᠷᠢᠨ ᠪᠠᠶᠢᠴᠠᠭᠠᠯᠲᠠ ᠳᠤ ᠭᠦᠨᠵᠡᠭᠡᠶᠢᠷᠡᠬᠦ ᠪᠠᠷ ᠳᠠᠮᠵᠢᠨ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠂ ᠡᠯ᠎ᠡ ᠵᠦᠢᠯ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠣᠶ ᠰᠢᠭᠤᠶ᠂ ᠨᠤᠲᠤᠭ ᠪᠡᠯᠴᠢᠭᠡᠷ ᠢ ᠡᠪᠳᠡᠭᠰᠡᠨ ᠦᠢᠯᠡ ᠠᠵᠢᠯᠯᠠᠭ᠎ᠠ ᠳᠤ ᠬᠦᠴᠦᠲᠡᠶ ᠰᠦᠷᠳᠡᠭᠦᠯᠦᠯ ᠦᠵᠡᠭᠦᠯᠵᠦ᠂ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠬᠥᠭᠵᠢᠭᠦᠯᠪᠡ᠃    ᠣᠶᠢᠷ᠎ᠠ ᠶᠢᠨ ᠵᠢᠯ ᠳᠤ᠂ ᠤᠷᠠᠳ ᠤᠨ ᠡᠮᠦᠨᠡᠲᠦ ᠬᠤᠰᠢᠭᠤ ︽ᠨᠢᠭᠡ ᠴᠣᠩᠬᠤᠪᠴᠢ ᠪᠠᠷ ᠰᠢᠢᠳᠪᠦᠷᠢᠯᠡᠬᠦ︾᠂ ︽ᠨᠢᠭᠡ ᠯᠡ ᠥᠷᠲᠡᠭᠡ ᠪᠠᠷ ᠭᠦᠢᠴᠡᠳᠭᠡᠬᠦ︾ ᠵᠢᠴᠢ ᠣᠢ ᠮᠣᠳᠣ ᠣᠭᠲᠣᠯᠬᠤ APP᠂ ᠰᠦᠯᠵᠢᠶᠡᠨ ᠳᠡᠭᠡᠷ᠎ᠡ ᠭᠤᠶᠤᠴᠢᠯᠠᠬᠤ ᠵᠡᠷᠭᠡ ᠣᠯᠠᠨ ᠵᠦᠢᠯ ᠤᠨ ᠦᠢᠯᠡᠴᠢᠯᠡᠭᠡᠨ ᠤ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠢ ᠮᠣᠳᠣ ᠣᠭᠲᠣᠯᠬᠤ APP ᠢ ᠰᠦᠯᠵᠢᠶᠡᠨ ᠳᠡᠭᠡᠷ᠎ᠡ ᠭᠤᠶᠤᠴᠢᠯᠠᠬᠤ ᠪᠠ ᠮᠡᠳᠡᠭᠳᠡᠵᠦ ᠬᠢᠨᠠᠨ ᠵᠥᠪᠰᠢᠶᠡᠷᠡᠬᠦ ᠠᠵᠢᠯ ᠢ ᠳᠡᠯᠭᠡᠷᠡᠭᠦᠯᠦᠨ ᠨᠠᠶᠢᠳᠠᠪᠤᠷᠢᠵᠢᠭᠤᠯᠵᠤ᠂ ᠣᠢ ᠰᠢᠭᠤᠢ ᠲᠠᠷᠢᠶᠠᠯᠠᠩ ᠬᠤᠪᠢ ᠬᠥᠮᠦᠨ ᠤ ᠲᠠᠷᠢᠮᠠᠯ ᠣᠢ ᠶᠢᠨ ᠬᠠᠳᠠᠭᠠᠯᠠᠮᠵᠢ 15 ᠪᠣᠰᠤᠭ᠎ᠠ ᠳᠥᠷᠪᠡᠯᠵᠢᠨ ᠮᠧᠲᠷ ᠠᠴᠠ ᠬᠡᠲᠦᠷᠡᠬᠦ ᠦᠭᠡᠢ ᠪᠣᠯ ᠪᠦᠬᠦ ᠲᠠᠯ᠎ᠠ ᠪᠠᠷ ᠬᠢᠨᠠᠨ ᠵᠥᠪᠰᠢᠶᠡᠷᠡᠵᠦ᠂ ᠡᠮᠦᠨᠡᠲᠦ ᠬᠤᠰᠢᠭᠤᠨ ᠤ ᠣᠢ ᠰᠢᠭᠤᠢ ᠶᠢᠨ ᠲᠠᠷᠢᠶᠠᠯᠠᠩ ᠭᠤᠶᠤᠴᠢᠯᠠᠬᠤ ᠳᠤ ᠳᠥᠭᠦᠮ ᠦᠵᠡᠭᠦᠯᠵᠦ᠂ ᠣᠢ ᠮᠣᠳᠣ ᠣᠭᠲᠣᠯᠬᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃    ᠣᠢ ᠰᠢᠭᠤᠢ ᠶᠢᠨ ᠡᠬᠢ ᠪᠠᠶᠠᠯᠢᠭ ᠤᠨ ᠬᠤᠷᠣᠭᠳᠠᠭᠤᠯᠤᠯ ᠢ ᠴᠢᠩᠭ᠎ᠠ ᠡᠵᠡᠮᠳᠡᠵᠦ᠂ ᠣᠢ ᠮᠣᠳᠣ ᠶᠢ ᠣᠭᠲᠣᠯᠬᠤ ᠶᠢ ᠬᠢᠨᠠᠨ ᠬᠠᠮᠢᠶᠠᠷᠬᠤ ᠠᠵᠢᠯ ᠢ ᠴᠢᠩᠭ᠎ᠠ ᠡᠵᠡᠮᠳᠡᠵᠦ᠂︽ᠣᠭᠲᠣᠯᠬᠤ ᠶᠢ ᠬᠢᠵᠠᠭᠠᠷᠯᠠᠬᠤ᠂ ᠬᠠᠳᠠᠭᠠᠯᠠᠮᠵᠢ ᠶᠢ ᠨᠡᠮᠡᠭᠳᠡᠭᠦᠯᠬᠦ︾ ᠪᠠᠷ ᠦᠨᠳᠦᠰᠦᠨ ᠵᠠᠷᠴᠢᠮ ᠪᠣᠯᠭᠠᠵᠤ᠂ ᠲᠠᠸᠠᠷ ᠤᠨ ᠴᠢᠨᠠᠷᠲᠠᠶ ᠣᠭᠲᠣᠯᠬᠤ ᠶᠢ ᠡᠷᠡᠰ ᠬᠤᠷᠢᠭᠯᠠᠵᠤ᠂ ᠠᠮᠢ ᠠᠬᠤᠢ ᠶᠢᠨ ᠦᠷ᠎ᠡ ᠠᠰᠢᠭ ᠢ ᠲᠣᠭᠲᠠᠭᠤᠨ ᠪᠥᠭᠡᠳ ᠥᠨᠳᠥᠷ ᠪᠦᠲᠦᠮᠵᠢᠲᠡᠶ ᠪᠠᠷ ᠪᠠᠳᠠᠷᠠᠭᠤᠯᠬᠤ ᠶᠢ ᠦᠨᠡᠨ ᠬᠦ ᠪᠠᠲᠤᠯᠠᠪᠠ︔ ᠣᠭᠲᠣᠯᠬᠤ ᠭᠦᠢᠴᠡᠳᠬᠡᠯ ᠲᠤᠭ᠎ᠠ ᠶᠢ ᠤᠷᠢᠳᠠᠪᠠᠷ ᠬᠠᠩᠭᠠᠵᠤ᠂ ᠠᠮᠢ ᠠᠬᠤᠢ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠂ ᠣᠭᠲᠣᠯᠬᠤ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠪᠡ᠃ ᠣᠳᠣᠬᠠᠨ ᠪᠣᠯᠲᠠᠯ᠎ᠠ᠂ ᠣᠶ ᠮᠣᠳᠣ ᠣᠭᠲᠣᠯᠬᠤ ᠵᠥᠪᠰᠢᠶᠡᠷᠡᠯ ᠤᠨ ᠦᠨᠡᠮᠯᠡᠯ ᠢ 53 ᠲᠠᠷᠬᠠᠭᠠᠵᠤ᠂ 41.6504 ᠾᠧᠺᠲ᠋ᠠᠷ ᠣᠭᠲᠣᠯᠵᠤ᠂ ᠬᠠᠳᠠᠭᠠᠯᠠᠭᠳᠠᠴᠠ ᠶᠢᠨ 3463.41 ᠪᠣᠰᠤᠭ᠎ᠠ ᠳᠥᠷᠪᠡᠯᠵᠢᠨ ᠮᠧᠲᠷ ᠢ ᠣᠭᠳᠤᠯᠪᠠ᠃    2024 ᠣᠨ ᠳᠤ᠂ ᠤᠷᠠᠳ ᠤᠨ ᠡᠮᠦᠨᠡᠲᠦ ᠬᠤᠰᠢᠭᠤᠨ ᠤ ᠣᠶ ᠰᠢᠭᠤᠶ ᠪᠠ ᠡᠪᠡᠰᠦ ᠪᠡᠯᠴᠢᠭᠡᠷ ᠤᠨ ᠲᠣᠪᠴᠢᠶ᠎ᠠ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠬᠡᠪᠰᠢᠭᠰᠡᠨ ᠵᠢᠷᠤᠭ ᠡᠯᠭᠦᠨ ᠪᠠᠶᠢᠯᠳᠤᠬᠤ︾ ᠠᠵᠢᠯ ᠤᠨ ᠠᠷᠭ᠎ᠠ ᠶᠢ ᠳ᠋ᠦᠩᠨᠡᠨ ᠭᠠᠷᠭᠠᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠩᠭᠤᠵᠢᠭᠤᠯᠤᠨ ᠴᠡᠭᠴᠡᠯᠡᠨ ᠵᠠᠰᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠨᠤᠲᠤᠭ ᠪᠡᠯᠴᠢᠭᠡᠷ᠂ ᠣᠶᠢᠲᠤ ᠭᠠᠵᠠᠷ᠂ ᠨᠤᠭᠤ ᠭᠠᠵᠠᠷ ᠵᠡᠷᠭᠡ ᠠᠮᠢ ᠠᠬᠤᠶ ᠶᠢᠨ ᠡᠬᠢ ᠪᠠᠶᠠᠯᠢᠭ ᠢ ᠲᠣᠭᠤᠷᠢᠨ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠣᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠳ ᠢ ᠰᠢᠢᠳᠭᠡᠬᠦ ᠡᠷᠴᠢᠮ ᠢᠶᠠᠨ ᠴᠢᠩᠭᠠᠷᠠᠭᠤᠯᠵᠤ᠂ ︽ᠬᠠᠤᠯᠢ ᠠᠴᠠ ᠵᠦᠷᠢᠴᠡᠬᠦ ᠦᠪᠡᠷ ᠤᠨ ᠥᠷᠲᠡᠭ︾ ᠢ ᠳᠡᠭᠡᠭᠰᠢᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠦᠢᠯᠡ ᠠᠵᠢᠯᠯᠠᠭ᠎ᠠ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠤᠯᠠᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠠᠷ ᠪᠤᠢ ᠪᠣᠯᠭᠠᠵᠤ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠢ ᠠᠬᠤᠢ ᠶᠢᠨ ᠬᠠᠮᠠᠭᠠᠯᠠᠯᠲᠠ ᠶᠢᠨ ᠦᠢᠯᠡᠰ ᠲᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠬᠦᠴᠦᠷᠬᠡᠭ ᠶᠡᠭᠡ ᠬᠠᠮᠠᠭᠠᠯᠠᠯᠲᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠪᠡ᠃ ᠣᠲᠣ ᠪᠣᠯᠲᠠᠯ᠎ᠠ᠂ ᠣᠶ ᠰᠢᠭᠤᠶ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠭᠰᠡᠨ 32 ᠬᠡᠷᠡᠭ ᠢ ᠤᠷᠢᠳᠠᠪᠠᠷ ᠬᠢᠨᠠᠨ ᠲᠣᠭᠲᠠᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠦᠰᠡ ᠳᠤ ᠬᠠᠤᠯᠢ ᠠᠴᠠ ᠵᠥᠷᠢᠴᠡᠨ ᠮᠠᠯ ᠪᠡᠯᠴᠢᠭᠡᠷᠯᠡᠭᠦᠯᠦᠭᠰᠡᠨ 75 ᠬᠡᠷᠡᠭ ᠢ ᠢᠯᠡᠷᠡᠭᠦᠯᠦᠭᠰᠡᠨ ᠪᠥᠭᠡᠳ ᠰᠢᠢᠳᠪᠦᠷᠢᠯᠡᠵᠦ ᠳᠠᠭᠤᠰᠬᠠᠭᠠᠳ᠂ ᠣᠶ ᠰᠢᠭᠤᠶ ᠨᠤᠲᠤᠭ ᠪᠡᠯᠴᠢᠭᠡᠷ ᠢ ᠬᠠᠤᠯᠢ ᠠᠴᠠ ᠵᠥᠷᠢᠴᠡᠨ ᠡᠪᠳᠡᠭᠰᠡᠨ 61 ᠬᠡᠷᠡᠭ ᠢ ᠢᠯᠡᠷᠡᠭᠦᠯᠦᠨ ︵ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ 39 ᠶᠢ ᠰᠢᠯᠵᠢᠭᠦᠯᠦᠨ ᠬᠦᠷᠭᠡᠪᠡ︶᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠵᠢᠯᠴᠠᠨ ᠣᠶ ᠮᠣᠳᠣ ᠶᠢ ᠬᠤᠯᠠᠭᠠᠶᠢᠯᠠᠨ ᠣᠭᠲᠣᠯᠤᠭᠰᠠᠨ ᠬᠡᠷᠡᠭ ᠢ 2 ᠤᠳᠠᠭ᠎ᠠ᠂ ᠰᠢᠷᠣᠶ ᠠᠪᠴᠤ ᠡᠯᠡᠰᠦ ᠠᠪᠤᠭᠰᠠᠨ 3 ᠬᠡᠷᠡᠭ ᠢ ᠰᠢᠢᠳᠪᠦᠷᠢᠯᠡᠵᠦ ᠳᠠᠭᠤᠰᠬᠠᠪᠠ᠃    ᠲᠠᠷᠠᠭᠠᠴᠢ ᠶᠢᠨ ᠠᠯᠬᠤᠮ ᠳᠤ᠂ ᠤᠷᠠᠳ ᠤᠨ ᠡᠮᠦᠨᠡᠲᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠡᠷᠲᠡ ᠢᠯᠡᠷᠡᠭᠦᠯᠵᠦ ᠡᠷᠲᠡ ᠴᠠᠭᠠᠵᠠᠯᠠᠵᠤ ᠡᠷᠲᠡ ᠪᠠᠶᠢᠴᠠᠭᠠᠨ ᠰᠢᠢᠳᠪᠦᠷᠢᠯᠡᠬᠦ︾ ᠵᠠᠷᠴᠢᠮ ᠢᠶᠠᠷ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠣᠶᠢᠲᠤ ᠭᠠᠵᠠᠷ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠪᠠ ᠲᠠᠲᠠᠪᠤᠷᠢᠯᠠᠬᠤ ᠬᠠᠮᠢᠶᠠᠷᠤᠯᠲᠠ ᠶᠢ ᠴᠢᠩᠭᠠᠳᠬᠠᠨ᠂ ᠣᠶᠢᠲᠤ ᠭᠠᠵᠠᠷ ᠨᠤᠲᠤᠭ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠵᠤ᠂ ᠣᠶᠢᠲᠤ ᠭᠠᠵᠠᠷ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠨᠡᠨ ᠬᠦ ᠰᠠᠶᠢᠲᠤᠷ ᠬᠠᠮᠠᠭᠠᠯᠠᠨ᠎ᠠ᠃    ᠡᠭᠦᠨ ᠤ ᠬᠠᠮᠲᠤ᠂ ᠪᠠᠶᠢᠴᠠᠭᠠᠬᠤ ᠬᠤᠷᠢᠶ᠎ᠠ ᠯᠤᠭ᠎ᠠ ︽ᠵᠠᠰᠠᠭ ᠤᠨ ᠣᠷᠳᠣᠨ ᠪᠠᠶᠢᠴᠠᠭᠠᠬᠤ ᠬᠤᠷᠢᠶ᠎ᠠ ᠬᠠᠮᠲᠤᠷᠠᠨ ᠬᠥᠳᠡᠯᠦᠯᠴᠡᠬᠦ︾ ᠠᠵᠢᠯ ᠢ ᠲᠡᠭᠦᠯᠳᠡᠷᠵᠢᠭᠦᠯᠬᠦ ᠲᠤᠬᠠᠶ ᠦᠷᠭᠦᠯᠵᠢᠯᠡᠨ ᠰᠦᠪᠡᠭᠴᠢᠯᠡᠵᠦ᠂ ᠣᠶ ᠰᠢᠭᠤᠶ ᠡᠪᠡᠰᠦ ᠪᠡᠯᠴᠢᠭᠡᠷ ᠤᠨ ᠬᠠᠤᠯᠢ ᠬᠡᠷᠡᠭᠵᠢᠭᠦᠯᠬᠦ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠲᠤ ᠬᠢᠨᠠᠯᠲᠠ ᠲᠠᠯᠪᠢᠵᠤ ᠪᠠᠶᠢᠴᠠᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ᠬᠠᠮᠵᠢᠯᠴᠠᠨ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠣᠯᠭᠤᠭᠰᠠᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠨ᠎ᠡ᠃ ᠡᠩᠨᠡᠭᠡᠨ ᠤ ᠪᠠᠶᠢᠭᠤᠯᠤᠯᠲᠠ ᠪᠠ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠢᠨᠠᠯᠲᠠ ᠲᠠᠯᠪᠢᠵᠤ ᠪᠠᠶᠢᠴᠠᠭᠠᠬᠤ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ ᠪᠥᠬᠦ ᠲᠠᠯ᠎ᠠ ᠪᠠᠷ ᠬᠠᠮᠠᠭᠠᠯᠠᠬᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠬᠤ᠂ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦᠶᠢᠴᠡ ᠴᠢᠨᠠᠷ ᠢ ᠬᠠᠮᠠᠭᠠᠯᠠᠬᠤ ᠶᠢ ᠦᠨᠡᠨ ᠬᠦ ᠪᠠᠲᠤᠯᠠᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃ 
ᠢᠷᠡᠯᠲᠡ᠄ ᠪᠠᠶᠠᠨᠨᠠᠭᠤᠷ ᠤᠨ ᠡᠳᠦᠷ ᠤᠨ ᠰᠣᠨᠢᠨ