ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠰᠠᠭᠤᠭᠠᠯᠢ ᠡᠷᠦᠬᠡ ᠶᠢ ᠪᠠᠶᠢᠴᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/5
    ᠰᠠᠭᠤᠭᠠᠯᠢ ᠡᠷᠦᠬᠡ ᠶᠢᠨ ᠪᠠᠶᠢᠴᠠᠭᠠᠯᠲᠠ ᠪᠣᠯ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢᠨ ᠪᠠᠶᠢᠳᠠᠯ ᠬᠢᠭᠡᠳ ᠣᠷᠣᠯᠭ᠎ᠠ ᠶᠢᠨ ᠬᠤᠪᠢᠶᠠᠷᠢᠯᠠᠯᠲᠠ ᠶᠢᠨ ᠪᠠᠶᠢᠷᠢᠰᠢᠯ ᠢ ᠲᠤᠰᠬᠠᠵᠤ᠂ ᠨᠠᠮ ᠪᠠ ᠤᠯᠤᠰ ᠤᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠬᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠠᠬᠢᠴᠠ ᠶᠢ ᠬᠢᠨᠠᠨ ᠬᠡᠮᠵᠢᠬᠦ‍ ᠨᠢᠭᠡ ᠵᠦᠢᠯ ᠤᠨ ᠤᠯᠤᠰ ᠤᠨ ᠴᠢᠬᠤᠯᠠ ᠪᠠᠶᠢᠴᠠᠭᠠᠯᠲᠠ ᠶᠢᠨ ᠳᠦᠷᠢᠮ ᠮᠥᠨ᠃ 12 ᠳ᠋ᠤᠭᠠᠷ ᠰᠠᠷ᠎ᠠ ᠶᠢᠨ 4 ᠤ ᠡᠳᠦᠷ᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠤᠯᠤᠰ ᠤᠨ ᠦᠨᠳᠦᠰᠦᠨ ᠬᠠᠤᠯᠢ ᠶᠢᠨ ᠡᠳᠦᠷ ᠢ ᠤᠭᠲᠤᠬᠤ ᠪᠠᠷ ᠠᠵᠠ ᠲᠣᠬᠢᠶᠠᠯ ᠪᠣᠯᠭᠠᠵᠤ᠂ ᠲᠦᠩ ᠶᠠᠩ ᠳ᠋ᠤᠤ᠂ ᠠᠭᠤᠷᠬᠠᠢ ᠶᠢᠨ ᠵᠠᠮ ᠵᠡᠷᠭᠡ ᠬᠠᠷᠢᠶ᠎ᠠ ᠣᠷᠣᠨ ᠤ ᠭᠤᠣᠯ ᠵᠠᠮ ᠳᠤ ᠰᠠᠭᠤᠭᠠᠯᠢ ᠡᠷᠦᠬᠡ ᠶᠢ ᠪᠠᠶᠢᠴᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢ ᠴᠢᠨᠠᠷ ᠰᠠᠶᠢᠲᠠᠢ ᠥᠷᠨᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠬᠢ ᠡᠭᠦᠰᠦᠯ ᠠᠴᠠ ᠨᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃
区统计局开展住户调查宣传活动.png
    ᠠᠵᠢᠯᠯᠠᠭ᠎ᠠ ᠨᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠢᠴᠢ ᠲᠤᠬᠠᠶ ᠶᠢᠨ ᠲᠠᠯᠠᠪᠤᠷ ᠲᠤ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠣᠯᠠᠨ ᠰᠠᠭᠤᠭᠠᠯᠢ ᠠᠷᠠᠳ ᠲᠤ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠠᠵᠢᠯ ᠤᠨ ᠵᠣᠷᠢᠯᠭ᠎ᠠ ᠪᠠ ᠠᠴᠢ ᠬᠤᠯᠪᠣᠭᠳᠠᠯ ᠢ ᠢᠳᠡᠪᠬᠢᠲᠡᠶ ᠤᠬᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠤᠨ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠠᠵᠢᠯ ᠤᠨ ᠲᠤᠬᠠᠶ ᠲᠠᠨᠢᠯᠲᠠ ᠶᠢ ᠴᠢᠩᠭᠠᠳᠬᠠᠵᠤ᠂ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠠᠵᠢᠯ ᠤᠨ ᠣᠶᠢᠯᠠᠭᠠᠬᠤ ᠨᠣᠷᠮ᠎ᠠ ᠪᠠ ᠮᠡᠳᠡᠷᠡᠬᠦ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃    ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠰᠠᠭᠤᠭᠠᠯᠢ ᠠᠷᠠᠳ ᠲᠦᠮᠡᠨ ᠳᠤ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠠᠵᠢᠯ ᠢ ᠣᠶᠢᠯᠠᠭᠠᠭᠤᠯᠵᠤ᠂ᠠᠩᠬᠠᠷᠴᠤ᠂ ᠬᠠᠮᠵᠢᠯᠴᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠤᠨ ᠣᠶᠢᠯᠠᠭᠠᠬᠤ ᠨᠣᠷᠮ᠎ᠠ ᠪᠠ ᠬᠠᠮᠵᠢᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠤᠶᠢᠰᠢᠳᠠ ᠶᠢᠨ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠳᠤ ᠰᠠᠶᠢᠨ ᠰᠠᠶᠢᠬᠠᠨ ᠣᠯᠠᠨ ᠲᠦᠮᠡᠨ ᠤ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ 
ᠢᠷᠡᠯᠲᠡ᠄ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ