ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠤᠨ 12 ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ᠂ ᠮᠠᠰᠢᠨ | ᠲᠡᠷᠭᠡᠨ ᠤ ᠵᠠᠮᠨᠠᠬᠤ ᠦᠨᠡᠮᠯᠡᠯ ᠤᠨ ᠡᠯᠺᠳ᠋ᠷᠤᠨᠴᠢᠯᠠᠯᠲᠠ ᠶᠢ ᠪᠥᠬᠦ ᠤᠯᠤᠰ ᠲᠤ ᠪᠥᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠤᠯᠤᠰ ᠤᠨ ᠪᠣᠢ ᠪᠦᠬᠦᠢ ᠲᠤᠰᠬᠠᠢ ᠣᠷᠣᠨ ᠤ ᠳᠡᠰ ᠤᠨ | ᠬᠤᠲᠠ ᠶᠢᠨ ᠲᠡᠷᠭᠡᠨ ᠤ ᠡᠵᠡᠳ ᠴᠥᠮ ︽ᠵᠠᠮ ᠬᠠᠷᠢᠯᠴᠠᠭᠠᠨ ᠤ ᠬᠠᠮᠢᠶᠠᠷᠤᠯᠲᠠ 12123︾ APP ᠢᠶᠠᠷ ᠵᠠᠮᠨᠠᠬᠤ ᠡᠯᠧᠺᠳ᠋ᠷᠣᠨ ᠦᠨᠡᠮᠯᠡᠯ ᠭᠤᠶᠤᠴᠢᠯᠠᠨ ᠠᠪᠴᠤ ᠪᠣᠯᠤᠨ᠎ᠠ᠃ | ᠵᠠᠮᠨᠠᠬᠤ ᠡᠯᠧᠺᠳ᠋ᠷᠣᠨ ᠦᠨᠡᠮᠯᠡᠯ ᠢ ᠤᠷᠤᠭᠰᠢᠲᠠᠶ ᠳᠡᠯᠭᠡᠷᠡᠭᠦᠯᠦᠨ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠲᠣᠪᠴᠢᠶ᠎ᠠ ᠲᠤᠰᠬᠠᠶ ᠰᠡᠳᠦᠪ ᠢᠶᠠᠷ ᠪᠠᠶᠢᠷᠢᠯᠠᠭᠤᠯᠤᠨ ᠠᠬᠢᠭᠤᠯᠵᠤ᠂ ᠢᠵᠢ ᠪᠦᠷᠢᠳᠦᠭᠦᠯᠦᠭᠰᠡᠨ ᠲᠥᠰᠦᠯ ᠲᠣᠭᠲᠠᠭᠠᠨ᠂ ᠰᠢᠰᠲ᠋ᠧᠮ ᠢ ᠵᠣᠬᠢᠶᠠᠨ ᠪᠠᠶᠢᠭᠤᠯᠵᠤ | ᠪᠠᠶᠢᠭᠠᠳ ᠲᠠᠰ ᠳᠡᠪᠰᠢᠭᠦᠯᠵᠦ᠂ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠥᠰᠦᠯ ᠢ ᠨᠠᠷᠢᠯᠢᠬᠵᠢᠭᠤᠯᠤᠨ | ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠠᠴᠠ ᠨᠠᠭᠠᠰᠢ 8600 ᠭᠠᠷᠤᠶ ᠲᠦᠮᠡᠨ ᠲᠡᠷᠭᠡᠨ ᠤ ᠡᠵᠡᠳ ᠲᠤ ᠵᠠᠮᠨᠠᠬᠤ | ᠡᠯᠧᠺᠳ᠋ᠷᠣᠨ ᠦᠨᠡᠮᠯᠡᠯ ᠣᠯᠭᠤᠵᠤ᠂ ᠣᠯᠠᠨ ᠲᠦᠮᠡᠨ ᠳᠤ ᠰᠦᠯᠵᠢᠶ᠎ᠡ ᠪᠠᠷ ︽ᠦᠨᠡᠮᠯᠡᠯ ᠭᠠᠷᠳᠠᠭᠤᠯᠬᠤ︾ ︽ᠺᠣᠳ᠋ ᠢ ᠨᠢ ᠦᠵᠡᠭᠦᠯᠬᠦ︾ ᠦᠢᠯᠡᠴᠢᠯᠡᠭᠡ ᠬᠠᠩᠭᠠᠪᠠ᠃ | ᠵᠠᠮᠨᠠᠬᠤ ᠡᠯᠧᠺᠳ᠋ᠷᠣᠨ ᠦᠨᠡᠮᠯᠡᠯ ᠨᠢ ᠭᠤᠣᠯᠳᠠᠭᠤ 3 ᠣᠨᠴᠠᠯᠢᠭ ᠲᠠᠢ᠄ | ᠨᠢᠭᠡ ᠳᠤ᠂ ᠭᠤᠶᠤᠴᠢᠯᠠᠨ ᠠᠪᠴᠤ ᠬᠡᠷᠡᠭᠯᠡᠬᠦ ᠳᠤ ᠳᠥᠭᠦᠮᠯᠡᠪᠡ᠃ ᠮᠠᠰᠢᠨ ᠲᠡᠷᠭᠡᠨ ᠤ ᠥᠮᠴᠢᠯᠡᠭᠴᠢ ︽ᠵᠠᠮ ᠬᠠᠷᠢᠯᠴᠠᠭᠠᠨ ᠤ ᠬᠠᠮᠢᠶᠠᠷᠤᠯᠲᠠ 12123︾ APP ᠠᠴᠠ | ᠵᠠᠮᠨᠠᠬᠤ ᠡᠯᠧᠺᠳ᠋ᠷᠣᠨ ᠦᠨᠡᠮᠯᠡᠯ ᠢ ᠰᠢᠭᠤᠳ ᠭᠤᠶᠤᠴᠢᠯᠠᠨ ᠠᠪᠴᠤ ᠪᠣᠯᠤᠨ᠎ᠠ᠃ ᠵᠠᠮᠨᠠᠬᠤ ᠡᠯᠧᠺᠳ᠋ᠷᠣᠨ ᠦᠨᠡᠮᠯᠡᠯ ᠤᠨ ᠦᠯᠢᠭᠡᠷ ᠬᠡᠪ ᠨᠢ ᠪᠥᠬᠦ ᠤᠯᠤᠰ ᠲᠤ ᠨᠢᠭᠡᠳᠦᠯᠲᠡᠶ ᠪᠠᠶᠢᠵᠤ᠂ | ᠣᠯᠠᠨ ᠲᠦᠮᠡᠨ ᠲᠡᠷᠭᠡ ᠬᠥᠰᠬᠡ ᠳᠠᠩᠰᠠᠯᠠᠭᠤᠯᠬᠤ᠂ ᠬᠠᠤᠯᠢ ᠠᠴᠠ ᠵᠥᠷᠢᠴᠡᠭᠰᠡᠨ ᠢᠶᠠᠨ ᠰᠢᠢᠳᠪᠦᠷᠢᠯᠡᠭᠦᠯᠬᠦ᠂ ᠠᠳᠡᠯ ᠢ ᠰᠢᠢᠳᠪᠦᠷᠢᠯᠡᠭᠦᠯᠬᠦ ᠵᠡᠷᠭᠡ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠴᠣᠩᠬᠤᠪᠴᠢ ᠶᠢᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠦᠵᠡᠭᠦᠯᠦᠨ ᠬᠡᠷᠡᠭᠯᠡᠵᠦ ᠪᠣᠯᠣᠨ᠎ᠠ᠂ ᠮᠠᠰᠢᠨ ᠲᠡᠷᠭᠡᠨ ᠤ ᠥᠮᠴᠢᠯᠡᠭᠴᠢ ᠪᠤᠰᠤᠳ ᠲᠤ | ᠡᠷᠬᠡ ᠣᠯᠭᠤᠨ ᠬᠡᠷᠡᠭᠯᠡᠭᠦᠯᠬᠦ ᠶᠢ ᠳᠡᠮᠵᠢᠵᠦ᠂ ᠪᠤᠰᠤᠳ ᠬᠥᠮᠦᠨ ᠳᠤ ᠨᠠᠶᠢᠳᠠᠵᠤ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠬᠦ ᠳᠤ ᠳᠥᠭᠦᠮᠯᠡᠪᠡ᠃ ᠡᠭᠦᠨ ᠤ ᠬᠠᠮᠲᠤ᠂ | ᠠᠶᠠᠨᠴᠢᠳ ᠤᠨ ᠪᠠ ᠪᠠᠷᠠᠭ᠎ᠠ ᠶᠢᠨ ᠲᠡᠭᠡᠭᠡᠪᠦᠷᠢ ᠶᠢᠨ ᠦᠨᠡᠮᠯᠡᠯ᠂ ᠳᠠᠭᠠᠳᠬᠠᠯ ᠤᠨ ᠲᠥᠯᠥᠪᠦᠷᠢ ᠵᠡᠷᠭᠡ ᠬᠡᠷᠡᠭᠯᠡᠯᠲᠡ ᠶᠢᠨ ᠪᠠᠶᠢᠳᠠᠯ ᠬᠦᠷᠲᠡᠯ᠎ᠡ ᠥᠷᠭᠡᠳᠬᠡᠵᠦ ᠪᠣᠯᠤᠨ᠎ᠠ᠃ | ᠬᠤᠶᠠᠷ ᠲᠤ᠂ ᠴᠠᠭ ᠲᠤᠬᠠᠢ ᠳᠤ ᠨᠢ ᠬᠥᠳᠡᠯᠦᠩᠭᠦᠢ ᠪᠠᠷ ᠰᠢᠨᠡᠳᠬᠡᠨ᠎ᠡ᠃ ᠵᠠᠮᠨᠠᠬᠤ ᠡᠯᠧᠺᠳ᠋ᠷᠣᠨ ᠦᠨᠡᠮᠯᠡᠯ ᠢ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠳ᠋ᠷᠣᠨ ᠦᠨᠡᠮᠯᠡᠯ ᠤᠨ ᠰᠢᠰᠲ᠋ᠧᠮ ᠪᠣᠶ ᠪᠣᠯᠭᠠᠵᠤ᠂ ᠮᠠᠰᠢᠨᠲᠤ ᠲᠡᠷᠭᠡ ᠶᠢ ᠰᠢᠯᠭᠠᠨ ᠪᠠᠶᠢᠴᠠᠭᠠᠬᠤ᠂ ᠪᠠᠷᠢᠴᠠᠭᠠᠯᠠᠬᠤ᠂ ᠵᠠᠮ | ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠪᠠ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠭᠰᠡᠨ ᠪᠠᠶᠢᠳᠠᠯ ᠵᠡᠷᠭᠡ ᠪᠠᠶᠢᠳᠠᠯ ᠢ ᠬᠥᠳᠡᠯᠦᠩᠭᠦᠶ ᠪᠠᠷ ᠢᠯᠡᠷᠡᠭᠦᠯᠵᠦ᠂ ᠴᠠᠭ | ᠲᠤᠬᠠᠶ ᠳᠤ ᠨᠢ ᠪᠠᠶᠢᠴᠠᠭᠠᠨ ᠯᠠᠪᠯᠠᠬᠤ᠂ ᠴᠠᠭ ᠲᠤᠬᠠᠶ ᠳᠤ ᠨᠢ ᠭᠠᠷᠭᠠᠨ ᠦᠵᠡᠭᠦᠯᠬᠦ᠂ ᠴᠠᠭ ᠲᠤᠬᠠᠶ ᠳᠤ ᠨᠢ ᠬᠢᠨᠠᠨ ᠰᠢᠯᠭᠠᠬᠤ ᠳᠤ ᠳᠥᠭᠦᠮᠯᠡᠵᠦ᠂ ᠲᠡᠷᠭᠡ ᠬᠥᠰᠬᠡ ᠶᠢ | ᠪᠠᠷᠢᠴᠠᠭᠠᠯᠠᠬᠤ᠂ ᠭᠠᠷ ᠳᠠᠮᠵᠢᠭᠰᠠᠨ ᠮᠠᠰᠢᠨ ᠲᠡᠷᠭᠡ ᠶᠢ ᠠᠷᠠᠯᠵᠢᠶᠠᠯᠠᠬᠤ ᠵᠡᠷᠭᠡ ᠪᠠᠶᠢᠳᠠᠯ ᠳᠤ ᠬᠡᠷᠡᠭᠯᠡᠬᠦ ᠳᠤ ᠳᠥᠭᠦᠮᠯᠡᠪᠡ᠃ | ᠭᠤᠷᠪᠠ ᠳᠤ᠂ ᠠᠮᠤᠷ ᠲᠦᠪᠰᠢᠨ ᠪᠦᠲᠦᠮᠵᠢᠲᠡᠢ ᠨᠠᠶᠢᠳᠠᠪᠤᠷᠢᠲᠠᠢ᠃ ᠵᠠᠮᠨᠠᠬᠤ ᠡᠯᠧᠺᠳ᠋ᠷᠣᠨ ᠦᠨᠡᠮᠯᠡᠯ ᠨᠢ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠳ᠋ᠷᠣᠨ ᠦᠨᠡᠮᠯᠡᠯ ᠤᠨ ᠡᠬᠢ ᠪᠠᠶᠠᠯᠢᠭ ᠤᠨ ᠬᠥᠮᠥᠷᠭᠡ ᠶᠢᠨ ᠰᠢᠯᠭᠠᠨ ᠨᠤᠲᠠᠯᠠᠯᠲᠠ ᠶᠢᠨ ᠬᠠᠷᠢᠴᠠᠭᠤᠯᠤᠯ ᠢᠶᠠᠷ ᠳᠠᠮᠵᠢᠭᠤᠯᠤᠨ᠂ ᠭᠠᠷ ᠤᠨ | ᠦᠰᠦᠭ ᠤᠨ ᠳ᠋ᠢᠭᠢᠲ ᠮᠡᠷᠭᠡᠵᠢᠯ ᠢᠶᠠᠷ ᠬᠠᠭᠤᠷᠮᠠᠭᠯᠠᠬᠤ ᠶᠢ ᠰᠡᠷᠭᠡᠶᠢᠯᠡᠬᠦ ᠮᠡᠷᠭᠡᠵᠢᠯ ᠢ ᠬᠡᠷᠡᠭᠯᠡᠨ᠂ ᠬᠤᠪᠢᠷᠠᠭᠤᠯᠬᠤ᠂ ᠬᠠᠭᠤᠷᠮᠠᠭ ᠢᠶᠠᠷ ᠵᠣᠬᠢᠶᠠᠬᠤ ᠶᠢ ᠪᠦᠲᠦᠮᠵᠢᠲᠡᠶ ᠰᠡᠷᠭᠡᠶᠢᠯᠡᠵᠦ᠂ | ᠵᠠᠮᠨᠠᠬᠤ ᠡᠯᠧᠺᠳ᠋ᠷᠣᠨ ᠦᠨᠡᠮᠯᠡᠯ ᠤᠨ ᠦᠨᠡᠨ ᠪᠣᠳᠠᠲᠠᠶ ᠪᠥᠭᠡᠳ ᠬᠦᠴᠦᠨ ᠲᠠᠢ ᠪᠠᠶᠢᠬᠤ ᠶᠢ ᠪᠠᠲᠤᠯᠠᠨ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠵᠡᠷᠭᠡ ᠠᠬᠤᠶ | ᠲᠠᠯᠠᠪᠠᠶ ᠳᠤ ᠮᠡᠳᠡᠭᠡ ᠵᠠᠩᠭᠢ ᠴᠤᠭᠯᠠᠭᠤᠯᠬᠤ ᠬᠡᠷᠡᠭᠯᠡᠯᠲᠡ ᠳᠤ ᠳᠥᠭᠦᠮᠯᠡᠬᠦ ᠶᠢ ᠪᠠᠲᠤᠯᠠᠭᠰᠠᠨ ᠤ ᠬᠠᠮᠲᠤ ᠬᠥᠳᠡᠯᠦᠩᠭᠦᠶ ᠬᠤᠶᠠᠷ ᠬᠡᠮᠵᠢᠯᠳᠦ ᠺᠣᠳ᠋᠂ ᠳ᠋ᠠᠶᠢᠲ᠋ᠠ ᠶᠢᠨ ᠰᠡᠷᠭᠡᠭ ᠢ | ᠦᠭᠡᠶᠢᠳᠡᠭᠦᠯᠬᠦ᠂ ᠳ᠋ᠠᠶᠢᠲ᠋ᠠ ᠨᠢᠭᠤᠴᠠᠯᠠᠬᠤ᠂ ᠪᠣᠳᠠᠲᠤ ᠬᠥᠮᠦᠨ ᠭᠡᠷᠡᠴᠢᠯᠡᠬᠦ ᠵᠡᠷᠭᠡ ᠮᠡᠷᠭᠡᠵᠢᠯ ᠢ ᠬᠡᠷᠡᠭᠯᠡᠨ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ | ᠬᠠᠮᠠᠭᠠᠯᠠᠪᠠ᠃ | ᠲᠣᠳᠣᠷᠬᠠᠶᠢᠯᠠᠬᠤ ᠴᠢᠬᠤᠯᠠᠲᠠᠶ ᠨᠢ᠂ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠲᠣᠭᠲᠠᠭᠠᠯ ᠶᠣᠰᠣᠭᠠᠷ᠂ ᠵᠠᠮᠨᠠᠬᠤ ᠦᠨᠡᠮᠯᠡᠯ ᠤᠨ ᠴᠠᠭᠠᠰᠤᠨ | ᠦᠨᠡᠮᠯᠡᠯ ᠢᠶᠠᠨ ᠲᠡᠷᠭᠡᠨ ᠳᠤ ᠪᠠᠨ ᠠᠪᠴᠤ ᠶᠠᠪᠤᠬᠤ ᠬᠡᠷᠡᠭᠲᠡᠶ︔ ᠵᠠᠮᠨᠠᠬᠤ ᠡᠯᠧᠺᠳ᠋ᠷᠣᠨ ᠦᠨᠡᠮᠯᠡᠯ ᠢ ᠭᠤᠤᠯᠳᠠᠭᠤ ᠬᠠᠮᠢᠶ᠎ᠠ ᠪᠥᠬᠦᠶ ᠴᠣᠩᠬᠤᠪᠴᠢ ᠶᠢᠨ ᠲᠤᠬᠠᠶᠢᠯᠠᠭᠰᠠᠨ ᠠᠵᠢᠯ ᠢ | ᠭᠦᠢᠴᠡᠳᠬᠡᠬᠦ ᠳᠤ ᠬᠡᠷᠡᠭᠯᠡᠨ᠎ᠡ᠃ | ᠣᠶᠢᠯᠠᠭᠠᠭᠰᠠᠨ ᠢᠶᠠᠷ᠂ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠥᠭᠡᠷᠡᠴᠢᠯᠡᠯᠲᠡ ᠶᠢᠨ 8 ᠰᠢᠨ᠎ᠡ ᠠᠷᠭ᠎ᠠ ᠬᠡᠮᠵᠢᠶ᠎ᠡ ᠶᠢ ᠭᠠᠷᠭᠠᠭᠰᠠᠨ ᠠᠴᠠ ᠨᠠᠭᠠᠰᠢ᠂ 1 ᠳ᠋ᠦᠩᠰᠢᠭᠤᠷ ᠭᠠᠷᠤᠶ ᠬᠥᠮᠦᠨ ᠤᠳᠠᠭ᠎ᠠ ᠳᠤ ᠠᠰᠢᠭ ᠬᠦᠷᠲᠡᠭᠡᠵᠦ᠂ ᠣᠯᠠᠨ ᠲᠦᠮᠡᠨ ᠤ | ᠪᠠ ᠠᠵᠤ ᠠᠬᠤᠶᠢᠯᠠᠯ ᠤᠨ ᠳᠠᠷᠤᠭᠠᠰᠤ ᠶᠢ 40 ᠳ᠋ᠦᠩᠰᠢᠭᠤᠷ ᠲᠥᠭᠦᠷᠢᠭ ᠬᠥᠩᠭᠡᠯᠡᠭᠰᠡᠨ ᠪᠠᠶᠢᠨ᠎ᠠ᠃ |