ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠶᠢᠷ᠎ᠠ ᠳᠤ ᠥᠪᠥᠷ ᠮᠣᠩᠭᠤᠯ ᠮᠤᠵᠢ | ᠠᠯᠤᠰᠯᠠᠨ ᠣᠨᠳᠣᠣ ᠭᠠᠵᠠᠷ ᠲᠤ ᠡᠮᠨᠡᠭᠦᠯᠬᠦ ᠳᠠᠩᠰᠠᠯᠠᠯᠲᠠ ᠶᠢᠨ ᠲᠥᠷᠥ ᠶᠢᠨ ᠪᠣᠳᠣᠯᠭ᠎ᠠ ᠳᠤ ᠪᠠᠨ ᠲᠣᠬᠢᠷᠠᠭᠤᠯᠤᠯᠲᠠ ᠬᠢᠪᠡ᠂ ᠳᠠᠷᠤᠢ ᠮᠤᠵᠢ ᠠᠯᠤᠰᠯᠠᠨ ᠣᠨᠳᠣᠣ ᠭᠠᠵᠠᠷ ᠲᠤ | ᠡᠮᠨᠡᠭᠦᠯᠬᠦ ᠳᠤ ᠤᠷᠢᠳ ᠢᠶᠠᠷ ᠳᠠᠩᠰᠠᠯᠠᠭᠤᠯᠵᠤ ᠳᠠᠷᠠᠭ᠎ᠠ ᠨᠢ ᠡᠮᠨᠡᠭᠦᠯᠬᠦ ᠬᠡᠷᠡᠭᠲᠡᠢ᠂ ᠳᠠᠩᠰᠠᠯᠠᠭᠤᠯᠬᠤ ᠳᠤ ᠪᠠᠨ ᠰᠦᠯᠵᠢᠶᠡᠨ ᠤ ᠭᠠᠳᠠᠭᠤᠷ ᠡᠮᠴᠢᠯᠡᠭᠡᠨ ᠤ ᠳᠠᠭᠠᠳᠬᠠᠯ ᠤᠨ ᠭᠠᠷᠲᠠᠨ | ᠭᠦᠢᠴᠡᠳᠬᠡᠬᠦ ᠰᠠᠯᠠᠭ᠎ᠠ ᠮᠥᠴᠢᠷ ᠲᠤ ᠣᠴᠢᠵᠤ ᠭᠦᠢᠴᠡᠳᠬᠡᠵᠦ ᠪᠣᠯᠣᠨ᠎ᠠ᠂ ᠪᠠᠰᠠ ᠤᠯᠤᠰ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠠᠪᠴᠠᠩ᠂ ᠥᠪᠥᠷ | ᠮᠣᠩᠭᠤᠯ ᠤᠨ ᠡᠮᠴᠢᠯᠡᠭᠡᠨ ᠤ ᠳᠠᠭᠠᠳᠬᠠᠯ ᠵᠡᠷᠭᠡ ᠰᠦᠯᠵᠢᠶᠡᠨ ᠳᠡᠭᠡᠷᠡᠬᠢ ᠠᠷᠭ᠎ᠠ ᠵᠠᠮ ᠢᠶᠠᠷ ᠭᠦᠢᠴᠡᠳᠬᠡᠵᠦ ᠪᠣᠯᠣᠨ᠎ᠠ᠂ ᠰᠦᠯᠵᠢᠶᠡᠨ ᠤ ᠭᠠᠳᠠᠭᠤᠷ ᠭᠤᠶᠤᠴᠢᠯᠠᠭᠰᠠᠨ ᠢ | ᠲᠤᠬᠠᠢ ᠶᠢᠨ ᠲᠠᠯᠠᠪᠤᠷ ᠲᠤ ᠨᠢ ᠭᠦᠢᠴᠡᠳᠬᠡᠵᠦ ᠪᠣᠯᠣᠨ᠎ᠠ᠂ ᠰᠦᠯᠵᠢᠶᠡᠨ ᠳᠡᠭᠡᠷ᠎ᠡ ᠳᠠᠩᠰᠠᠯᠠᠭᠤᠯᠬᠤ ᠳᠤ ᠪᠠᠨ 2 ᠠᠵᠢᠯᠯᠠᠬᠤ ᠡᠳᠦᠷ ᠢᠶᠠᠷ ᠤᠷᠢᠳᠴᠢᠯᠠᠭᠤᠯᠬᠤ ᠬᠡᠷᠡᠭᠲᠡᠢ᠃ | ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠬᠦ ᠪᠠᠨ ᠳᠠᠩᠰᠠᠯᠠᠭᠤᠯᠬᠤ ᠳᠤ ᠬᠡᠷᠡᠭᠰᠡᠬᠦ ᠮᠠᠲ᠋ᠧᠷᠢᠶᠠᠯ ᠤᠳ ᠲᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ᠂ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠣᠨᠳᠣᠣ | ᠭᠠᠵᠠᠷ ᠲᠤ ᠰᠠᠭᠤᠷᠢᠰᠢᠭᠰᠠᠨ ᠪᠥᠭᠡᠳ ᠡᠷᠦᠬᠡ ᠠᠮᠠ ᠶᠢᠨ ᠲᠠᠩᠰᠠ ᠪᠠᠨ ᠰᠠᠭᠤᠷᠢᠰᠢᠭᠰᠠᠨ ᠭᠠᠵᠠᠷ ᠲᠤ ᠪᠠᠨ ᠨᠡᠭᠦᠯᠭᠡᠭᠰᠡᠨ ᠬᠥᠮᠥᠰ ᠪᠣᠯ ᠬᠦᠴᠦᠨ ᠪᠦᠬᠦᠢ ᠪᠡᠶ᠎ᠡ ᠶᠢᠨ ᠦᠨᠡᠮᠯᠡᠯ | ᠪᠤᠶᠤ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ᠂ ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ ᠪᠤᠶᠤ ᠬᠤᠪᠢ | ᠬᠥᠮᠥᠨ ᠤ ᠠᠮᠠᠯᠠᠯᠲᠠ ᠶᠢᠨ ᠪᠢᠴᠢᠭ ᠢᠶᠠᠨ ᠬᠠᠩᠭᠠᠨ᠎ᠠ᠃ ᠣᠷᠳᠣ ᠬᠤᠭᠤᠴᠠᠭ᠎ᠠ ᠪᠠᠷ ᠣᠨᠳᠣᠣ ᠭᠠᠵᠠᠷ ᠲᠤ ᠰᠠᠭᠤᠷᠢᠰᠢᠵᠤ ᠪᠠᠶᠢᠭ᠎ᠠ ᠪᠥᠭᠡᠳ ᠳᠠᠭᠠᠳᠬᠠᠯ ᠳᠤ ᠣᠷᠣᠯᠴᠠᠬᠤ | ᠭᠠᠵᠠᠷ ᠤᠨ ᠲᠣᠭᠲᠠᠭᠠᠯ ᠳᠤ ᠨᠡᠶᠢᠴᠡᠬᠦ ᠬᠥᠮᠥᠰ ᠪᠣᠯ ᠬᠦᠴᠦᠨ ᠪᠦᠬᠦᠢ ᠪᠡᠶ᠎ᠡ ᠶᠢᠨ ᠦᠨᠡᠮᠯᠡᠯ ᠪᠤᠶᠤ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠦᠨᠡᠮᠯᠡᠯ ᠪᠤᠶᠤ ᠨᠡᠶᠢᠭᠡᠮ ᠤᠨ | ᠪᠠᠲᠤᠯᠠᠭ᠎ᠠ ᠶᠢᠨ ᠺᠠᠷᠲ᠂ ᠣᠷᠣᠰᠢᠨ ᠰᠠᠭᠤᠬᠤ ᠦᠨᠡᠮᠯᠡᠯ ᠪᠤᠶᠤ ᠬᠤᠪᠢ ᠬᠥᠮᠥᠨ ᠤ ᠠᠮᠠᠯᠠᠯᠲᠠ ᠶᠢᠨ ᠪᠢᠴᠢᠭ ᠢᠶᠠᠨ ᠬᠠᠩᠭᠠᠨ᠎ᠠ᠃ ᠬᠥᠮᠥᠨ ᠬᠡᠷᠡᠭᠯᠡᠬᠦ ᠨᠢᠭᠡᠴᠢ ᠠᠴᠠ ᠣᠨᠳᠣᠣ | ᠭᠠᠵᠠᠷ ᠲᠤ ᠲᠣᠮᠢᠯᠠᠨ ᠠᠵᠢᠯᠯᠠᠭᠤᠯᠤᠭᠰᠠᠨ ᠪᠥᠭᠡᠳ ᠳᠠᠭᠠᠳᠬᠠᠯ ᠳᠤ ᠣᠷᠣᠯᠴᠠᠬᠤ ᠭᠠᠵᠠᠷ ᠤᠨ ᠲᠣᠭᠲᠠᠭᠠᠯ ᠳᠤ ᠨᠡᠶᠢᠴᠡᠬᠦ ᠬᠥᠮᠥᠰ ᠪᠣᠯ ᠬᠦᠴᠦᠨ ᠪᠦᠬᠦᠢ ᠪᠡᠶ᠎ᠡ ᠶᠢᠨ ᠦᠨᠡᠮᠯᠡᠯ | ᠪᠤᠶᠤ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ᠂ ᠣᠷᠣᠰᠢᠨ ᠰᠠᠭᠤᠬᠤ ᠦᠨᠡᠮᠯᠡᠯ ᠪᠤᠶᠤ ᠬᠤᠪᠢ ᠬᠥᠮᠥᠨ ᠤ | ᠠᠮᠠᠯᠠᠯᠲᠠ ᠶᠢᠨ ᠪᠢᠴᠢᠭ ᠢᠶᠠᠨ ᠬᠠᠩᠭᠠᠨ᠎ᠠ᠃ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠬᠦ ᠪᠤᠰᠤᠳ ᠬᠥᠮᠥᠰ ᠪᠣᠯ ᠬᠦᠴᠦᠨ ᠪᠦᠬᠦᠢ ᠪᠡᠶ᠎ᠡ ᠶᠢᠨ ᠦᠨᠡᠮᠯᠡᠯ ᠪᠤᠶᠤ | ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠬᠠᠩᠭᠠᠨ᠎ᠠ ᠭᠡᠵᠡᠢ᠃ | ᠠᠩᠬᠠᠷᠤᠭᠤᠰᠢᠲᠠᠢ ᠨᠢ᠂ ︽ᠮᠤᠵᠢ ᠠᠯᠤᠰᠯᠠᠨ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠷᠢᠰᠢᠵᠤ ᠪᠠᠶᠢᠭ᠎ᠠ ᠬᠥᠮᠥᠰ︾ ᠤᠨ ᠵᠥᠪᠬᠡᠨ ᠠᠮᠠᠯᠠᠯᠲᠠ ᠶᠢᠨ | ᠪᠢᠴᠢᠭ ᠢᠶᠠᠷ ᠳᠠᠮᠵᠢᠭᠤᠯᠤᠨ ᠭᠦᠢᠴᠡᠳᠬᠡᠭᠰᠡᠨ ᠳᠠᠩᠰᠠᠯᠠᠯᠲᠠ ᠶᠢ ᠡᠷᠬᠡᠪᠰᠢ 1 ᠰᠠᠷ᠎ᠠ ᠶᠢᠨ ᠳᠣᠲᠣᠷ᠎ᠠ ᠳᠠᠩᠰᠠᠯᠠᠭᠤᠯᠬᠤ ᠳᠤ ᠳᠤᠲᠠᠭᠳᠠᠵᠤ ᠪᠠᠶᠢᠭᠰᠠᠨ ᠪᠤᠰᠤᠳ | ᠮᠠᠲ᠋ᠧᠷᠢᠶᠠᠯ ᠤᠳ ᠢ ᠨᠢ ᠨᠥᠬᠦᠭᠦᠯᠬᠦ ᠬᠡᠷᠡᠭᠲᠡᠢ᠃ ᠳᠠᠩᠰᠠᠯᠠᠭᠤᠯᠬᠤ ᠳᠤ ᠳᠤᠲᠠᠭᠳᠠᠵᠤ ᠪᠠᠶᠢᠭᠰᠠᠨ ᠮᠠᠲ᠋ᠧᠷᠢᠶᠠᠯ ᠤᠳ ᠢᠶᠠᠨ ᠲᠣᠭᠲᠠᠭᠰᠠᠨ ᠬᠤᠭᠤᠴᠠᠭᠠᠨ ᠳᠤ ᠪᠠᠨ ᠨᠥᠬᠦᠪᠦᠷᠢᠯᠡᠵᠦ | ᠲᠤᠰᠢᠶᠠᠭᠰᠠᠨ ᠦᠭᠡᠢ ᠪᠣᠯ ︽ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠦᠭᠰᠡᠨ ᠪᠤᠰᠤᠳ ᠬᠥᠮᠥᠰ︾ ᠤᠨ ᠳᠠᠩᠰᠠᠯᠠᠯᠲᠠ ᠲᠠᠢ ᠠᠳᠠᠯᠢᠬᠠᠨ ᠢᠶᠠᠷ ᠲᠣᠭᠠᠴᠠᠨ᠎ᠠ᠃ | ᠮᠤᠵᠢ ᠠᠯᠤᠰᠯᠠᠨ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠣᠷᠣᠰᠢᠨ ᠰᠠᠭᠤᠭᠰᠠᠳ ᠤᠨ 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠨᠢᠭᠡᠨᠲᠡ | ᠳᠠᠩᠰᠠᠯᠠᠭᠤᠯᠤᠭᠰᠠᠨ ᠳᠠᠩᠰᠠᠯᠠᠯᠲᠠ ᠶᠢᠨ ᠰᠢᠯᠵᠢᠯᠲᠡ ᠶᠢᠨ ᠬᠤᠭᠤᠴᠠᠭ᠎ᠠ ᠨᠢ 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 3 ᠳ᠋ᠤᠭᠠᠷ | ᠰᠠᠷ᠎ᠠ ᠶᠢᠨ 31 ᠤ ᠡᠳᠦᠷ ᠪᠣᠯᠣᠨ᠎ᠠ᠂ ᠰᠢᠯᠵᠢᠯᠲᠡ ᠶᠢᠨ ᠬᠤᠭᠤᠴᠠᠭᠠᠨ ᠳᠤ ᠪᠠᠨ ᠰᠢᠨ᠎ᠡ ᠱᠠᠭᠠᠷᠳᠠᠯᠭ᠎ᠠ ᠶᠣᠰᠣᠭᠠᠷ ᠳᠠᠩᠰᠠᠯᠠᠯᠲᠠ ᠶᠢᠨ ᠮᠠᠲ᠋ᠧᠷᠢᠶᠠᠯ ᠤᠳ ᠢᠶᠠᠨ ᠨᠥᠬᠦᠬᠦ ᠬᠡᠷᠡᠭᠲᠡᠢ᠂ | ᠰᠢᠯᠵᠢᠯᠲᠡ ᠶᠢᠨ ᠬᠤᠭᠤᠴᠠᠭᠠᠨ ᠳᠤ ᠪᠠᠨ ᠳᠠᠩᠰᠠᠯᠠᠯᠲᠠ ᠶᠢᠨ ᠮᠠᠲ᠋ᠧᠷᠢᠶᠠᠯ ᠤᠳ ᠢᠶᠠᠨ ᠨᠥᠬᠦᠵᠦ ᠳᠡᠶᠢᠯᠦᠭᠰᠡᠨ ᠦᠭᠡᠢ ᠪᠣᠯ᠂ ᠤᠤᠯ ᠤᠨ ᠳᠠᠩᠰᠠᠯᠠᠯᠲᠠ ᠨᠢ ᠬᠦᠴᠦᠨ ᠦᠭᠡᠢ | ᠪᠣᠯᠵᠤ᠂ ᠳᠠᠭᠠᠳᠬᠠᠯ ᠳᠤ ᠣᠷᠣᠯᠴᠠᠭᠴᠢ ᠰᠢᠨ᠎ᠡ ᠲᠥᠷᠥ ᠶᠢᠨ ᠪᠣᠳᠣᠯᠭ᠎ᠠ ᠶᠣᠰᠣᠭᠠᠷ ᠳᠠᠭᠢᠵᠤ ᠳᠠᠩᠰᠠᠯᠠᠭᠤᠯᠬᠤ ᠬᠡᠷᠡᠭᠲᠡᠢ᠃ | ︽ᠣᠨᠳᠣᠣ ᠭᠠᠵᠠᠷ ᠲᠤ ᠤᠷᠲᠤ ᠬᠤᠭᠤᠴᠠᠭ᠎ᠠ ᠪᠠᠷ ᠰᠠᠭᠤᠷᠢᠰᠢᠵᠤ ᠪᠠᠶᠢᠭ᠎ᠠ ᠬᠥᠮᠥᠰ ᠤᠨ ᠳᠠᠩᠰᠠᠯᠠᠯᠲᠠ ᠶᠢᠨ ᠬᠦᠴᠦᠨ ᠲᠠᠢ ᠬᠤᠭᠤᠴᠠᠭ᠎ᠠ ᠶᠢ ᠳᠠᠭᠠᠳᠬᠠᠯ ᠳᠤ | ᠣᠷᠣᠯᠴᠠᠭᠴᠢ ᠥᠪᠡᠰᠦᠪᠡᠨ ᠲᠣᠭᠲᠠᠭᠠᠨ᠎ᠠ᠂ 6 ᠰᠠᠷ᠎ᠠ ᠶᠢᠨ ᠳᠣᠲᠣᠷ᠎ᠠ ᠬᠦᠴᠦᠨ ᠦᠭᠡᠢ ᠪᠣᠯᠭᠠᠵᠤ ᠪᠣᠯᠬᠤ ᠦᠭᠡᠢ᠃ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ | ᠡᠮᠨᠡᠭᠦᠯᠦᠭᠰᠡᠨ ᠪᠤᠰᠤᠳ ᠬᠥᠮᠥᠰ ᠤᠨ ᠳᠠᠩᠰᠠᠯᠠᠯᠲᠠ ᠶᠢᠨ ᠬᠦᠴᠦᠨ ᠲᠠᠢ ᠬᠤᠭᠤᠴᠠᠭ᠎ᠠ ᠨᠢ 6 ᠰᠠᠷ᠎ᠠ ᠪᠣᠯᠣᠨ᠎ᠠ᠂ ᠬᠦᠴᠦᠨ ᠲᠠᠢ ᠬᠤᠭᠤᠴᠠᠭᠠᠨ ᠳᠤ ᠡᠮᠨᠡᠭᠦᠯᠦᠭᠰᠡᠨ | ᠭᠠᠵᠠᠷ ᠲᠤ ᠪᠠᠨ ᠣᠯᠠᠨ ᠤᠳᠠᠭ᠎ᠠ ᠡᠮᠨᠡᠭᠦᠯᠵᠦ ᠪᠣᠯᠬᠤ ᠪᠥᠭᠡᠳ ᠰᠢᠭᠤᠳ ᠲᠠᠰᠤᠯᠤᠨ ᠪᠣᠳᠣᠵᠤ ᠪᠣᠯᠣᠨ᠎ᠠ᠂ ᠡᠮᠨᠡᠭᠦᠯᠬᠦ ᠪᠦᠷᠢ ᠳᠤ ᠪᠠᠨ ᠳᠠᠩᠰᠠᠯᠠᠭᠤᠯᠬᠤ ᠴᠢᠬᠤᠯᠠ ᠦᠭᠡᠢ᠂ | ᠨᠢᠭᠡᠨᠲᠡ ᠳᠠᠩᠰᠠᠯᠠᠭᠤᠯᠤᠭᠰᠠᠨ ᠶᠤᠮ ᠪᠣᠯ ᠰᠢᠭᠤᠳ ᠬᠦᠴᠦᠨ ᠦᠭᠡᠢ ᠪᠣᠯᠭᠠᠵᠤ ᠪᠣᠯᠣᠨ᠎ᠠ᠃︾ ᠭᠡᠵᠦ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃ |