︽ᠤᠤᠯ ᠨᠢ ᠡᠶᠢᠮᠦ ᠨᠠᠷᠢᠯᠢᠭ ᠰᠠᠢᠬᠠᠨ ᠪᠥᠭᠡᠮ ᠴᠡᠴᠡᠭ ᠢ ᠡᠶᠢᠮᠦ ᠵᠢᠭᠠᠬᠠᠨ ᠴᠠᠭᠠᠰᠤ ᠪᠠᠷ ᠬᠠᠶᠢᠴᠢᠯᠠᠵᠤ ᠪᠣᠯᠳᠠᠭ︾ ︽ᠪᠥᠭᠡᠮ ᠴᠡᠴᠡᠭ ᠬᠢᠭᠡᠳ ᠤᠯᠠᠭᠠᠨ ᠠᠨᠠᠷ ᠰᠢᠭ᠋ | ᠦᠨᠳᠦᠰᠦᠲᠡᠨ ᠤ ᠪᠦᠯᠬᠦᠮᠳᠡᠯ ᠢ ᠪᠡᠯᠭᠡᠳᠡᠨ᠎ᠡ᠂ ᠮᠠᠨ ᠤ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠬᠡᠷᠡᠭᠲᠡᠶ︾ ︽12 ᠳ᠋ᠤᠭᠠᠷ ᠰᠠᠷ᠎ᠠ ᠶᠢᠨ 1 ᠤ | ᠡᠳᠦᠷ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ ᠤ ᠶᠦᠩ ᠹᠠᠨ ᠲᠣᠰᠬᠤᠨ ᠤ ᠠᠵᠢᠯᠯᠠᠭᠠᠨ ᠤ ᠲᠠᠰᠤᠭ ᠲᠤ᠂ ᠨᠢᠭᠡ ᠲᠠᠯᠠᠪᠤᠷ ᠰᠣᠶᠣᠯ ᠢ | ᠬᠠᠮᠲᠤ ᠪᠠᠷ ᠡᠳ᠋ᠯᠡᠬᠦ ᠴᠠᠭᠠᠰᠤᠨ ᠬᠠᠶᠢᠴᠢᠯᠠᠮᠠᠯ ᠤᠨ ᠪᠣᠯᠪᠠᠰᠤᠷᠠᠯ ᠤᠨ ᠠᠵᠢᠯᠯᠠᠭ᠎ᠠ ᠶᠠᠭ ᠶᠠᠪᠤᠭᠳᠠᠵᠤ ᠪᠠᠶᠢᠨ᠎ᠠ᠂ ᠲᠣᠰᠬᠤᠨ ᠤ ᠠᠷᠠᠳ ᠶᠠᠭ ᠴᠠᠭᠠᠰᠤᠨ ᠬᠠᠶᠢᠴᠢᠯᠠᠮᠠᠯ ᠤᠨ | ᠪᠠᠭᠰᠢ ᠶᠢᠨ ᠳᠠᠭᠠᠭᠤᠯᠭ᠎ᠠ ᠳᠣᠣᠷ᠎ᠠ ᠪᠦᠭᠡᠮ ᠴᠡᠴᠡᠭ ᠬᠠᠶᠢᠴᠢᠯᠠᠬᠤ ᠶᠢ ᠰᠤᠷᠤᠯᠴᠠᠵᠤ ᠪᠠᠶᠢᠨ᠎ᠠ᠃ ᠠᠷᠠᠳ ᠤᠨ ᠰᠡᠳᠬᠢᠯ ᠢ ᠳᠤᠯᠠᠭᠠᠴᠠᠭᠤᠯᠬᠤ ᠴᠠᠭᠠᠰᠤᠨ ᠬᠠᠶᠢᠴᠢᠯᠠᠮᠠᠯ ᠤᠨ | ᠪᠣᠯᠪᠠᠰᠤᠷᠠᠯ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠢ ᠰᠣᠭᠲᠣᠭᠤᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ | ᠪᠤᠢ︾᠃ | ᠡᠨᠡ ᠵᠢᠯ᠂ ᠲᠦᠴᠢᠦᠸᠠᠨ ᠰᠢᠶᠠᠨ 18 ᠲᠤᠷᠰᠢᠯᠲᠠ ᠶᠢᠨ ᠴᠡᠭ ᠤᠨ ᠲᠣᠰᠬᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠲᠤᠷᠰᠢᠨ ᠬᠡᠷᠡᠭᠵᠢᠭᠦᠯᠵᠦ᠂ ᠤᠯᠠᠷᠢᠯ ᠪᠦᠷᠢ ᠦᠨᠳᠦᠰᠦᠲᠡᠨ ᠨᠦᠭᠦᠳ ᠤᠨ ᠣᠯᠠᠨ ᠲᠦᠮᠡᠨ ᠢ | ᠳᠠᠭᠠᠭᠤᠯᠤᠨ ᠨᠢᠭᠡ ᠤᠳᠠᠭᠠᠨ ᠤ ︽ᠲᠠᠪᠤᠨ ᠨᠢᠭᠡ︾ ᠶᠢᠨ ᠠᠵᠢᠯᠯᠠᠭ᠎ᠠ ᠦᠷᠨᠢᠭᠦᠯᠪᠡ᠄ ᠬᠠᠮᠲᠤ ᠪᠠᠷ ᠰᠤᠷᠤᠯᠴᠠᠬᠤ ᠶᠢ ᠬᠦᠲᠦᠯᠦᠨ ᠳᠠᠭᠠᠭᠤᠯᠵᠤ᠂ ᠨᠢᠭᠡ ᠤᠳᠠᠭᠠᠨ ᠤ ᠣᠯᠠᠨ | ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠪᠡ︔ ᠣᠷᠣᠯᠭ᠎ᠠ ᠪᠠᠨ ᠨᠡᠮᠡᠭᠳᠡᠭᠦᠯᠦᠨ ᠬᠠᠮᠲᠤ ᠪᠠᠷ ᠪᠠᠶᠠᠵᠢᠵᠤ᠂ ᠨᠢᠭᠡ ᠤᠳᠠᠭᠠᠨ ᠤ ᠠᠵᠤ ᠦᠢᠯᠡᠰ ᠤᠨ | ᠬᠥᠭᠵᠢᠯᠲᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠪᠠ︔ ᠰᠣᠶᠣᠯ ᠢ ᠬᠠᠮᠲᠤ ᠪᠠᠷ ᠡᠳ᠋ᠯᠡᠵᠦ᠂ ᠨᠢᠭᠡ ᠤᠳᠠᠭᠠᠨ ᠤ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠦᠷᠨᠢᠭᠦᠯᠪᠡ︔ | ᠣᠷᠴᠢᠨ ᠲᠣᠭᠤᠷᠢᠨ ᠢ ᠬᠠᠮᠲᠤ ᠪᠠᠷ ᠭᠤᠶᠤᠯᠠᠬᠤ᠂ ᠨᠢᠭᠡ ᠤᠳᠠᠭᠠᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠪᠡ︔ | ᠬᠠᠮᠲᠤ ᠪᠠᠷ ᠠᠮᠤᠷ ᠲᠦᠪᠰᠢᠨ ᠲᠣᠭᠲᠠᠭᠤᠨ ᠪᠠᠶᠢᠯᠭᠠᠬᠤ᠂ ᠵᠥᠷᠢᠴᠡᠯ ᠵᠢᠭᠤᠷᠠᠯᠳᠤᠭᠠᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯᠯᠠᠭ᠎ᠠ | ᠦᠷᠨᠢᠭᠦᠯᠪᠡ᠃ ᠡᠨᠡ ᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ | ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ᠂ ᠬᠠᠮᠲᠤ ᠪᠠᠷ ᠴᠣᠭᠴᠠᠯᠠᠨ ᠪᠠᠶᠢᠭᠤᠯᠬᠤ ᠰᠡᠳᠬᠢᠯᠭᠡ ᠶᠢ ᠨᠡᠮᠡᠭᠳᠡᠭᠦᠯᠪᠡ᠃ | ᠶᠦᠩ ᠹᠠᠨ ᠲᠣᠰᠬᠤᠨ ᠤ 11 ᠰᠠᠭᠤᠷᠢ ᠬᠡᠷᠬᠡᠨᠡᠭ ᠮᠥᠭᠦ ᠶᠢᠨ ᠬᠦᠯᠡᠮᠵᠢ ᠳᠤ ᠣᠷᠣᠬᠤ ᠳᠤ᠂ ᠠᠵᠢᠯᠴᠢᠳ ᠶᠠᠭ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ ᠬᠢᠵᠦ | ᠪᠠᠶᠢᠪᠠ᠂ ᠪᠠᠰᠠ ᠨᠢᠭᠡ ᠰᠠᠷ᠎ᠠ ᠥᠩᠭᠡᠷᠡᠪᠡᠯ᠂ ᠡᠳᠡᠭᠡᠷ ᠬᠡᠷᠬᠡᠨᠡᠭ ᠮᠥᠭᠦ ᠵᠠᠬ᠎ᠠ ᠳᠡᠯᠭᠡᠭᠦᠷ ᠲᠤ ᠭᠠᠷᠤᠴᠢᠬᠠᠨᠠ᠃ ᠣᠶᠢᠷ᠎ᠠ ᠬᠠᠪᠢ ᠳᠤ ᠰᠠᠭᠤᠭ᠎ᠠ ᠲᠣᠰᠬᠤᠨ ᠤ ᠠᠷᠠᠳ ᠲᠤ ᠠᠪᠴᠤ | ᠬᠡᠯᠡᠪᠡᠯ᠂ ᠬᠡᠷᠬᠡᠨᠡᠭ ᠮᠥᠭᠦ ᠳᠠᠷᠢᠬᠤ ᠰᠠᠭᠤᠷᠢᠨ ᠭᠠᠵᠠᠷ ᠲᠤ ᠠᠵᠢᠯᠯᠠᠬᠤ ᠨᠢ ᠬᠡᠷ ᠤᠨ ᠡᠭᠦᠳᠡᠨ ᠳᠤ ᠪᠠᠨ ᠠᠵᠢᠯ ᠣᠯᠬᠤ ᠶᠢ ᠪᠡᠶᠡᠯᠡᠭᠦᠯᠬᠦ ᠪᠠᠷ ᠪᠠᠷᠠᠬᠤ ᠥᠬᠡᠶ᠂ ᠪᠠᠰᠠ ᠳᠠᠷᠢᠬᠤ | ᠮᠡᠷᠭᠡᠵᠢᠯ ᠢ ᠰᠤᠷᠴᠤ ᠳᠡᠶᠢᠯᠦᠨ᠎ᠡ᠃ ︽ᠪᠢ ᠰᠠᠭᠤᠷᠢᠨ ᠭᠠᠵᠠᠷ ᠲᠤ ᠨᠢᠭᠡ ᠵᠢᠯ ᠭᠠᠷᠤᠢ ᠠᠵᠢᠯᠯᠠᠪᠠ᠂ ᠭᠤᠣᠯᠳᠠᠭᠤ ᠠᠷᠰᠠᠷ ᠠᠵᠢᠯ ᠬᠢᠨ᠎ᠡ᠂ ᠮᠦᠭᠦ ᠳᠠᠷᠢᠬᠤ᠂ ᠡᠳᠦᠷ | ᠲᠤᠳᠤᠮ ᠤᠨ ᠬᠠᠮᠢᠶᠠᠷᠤᠯᠲᠠ ᠬᠠᠮᠠᠭᠠᠯᠠᠯᠲᠠ᠂ ᠮᠥᠭᠦ ᠲᠡᠭᠦᠭᠦ ᠵᠡᠷᠭᠡ ᠠᠵᠢᠯ ᠬᠢᠨ᠎ᠡ᠂ ᠭᠡᠷ ᠠᠴᠠ ᠪᠠᠨ ᠣᠶᠢᠷ᠎ᠠ᠂ ᠠᠵᠢᠯ ᠴᠦ ᠶᠠᠳᠠᠷᠠᠬᠤ ᠦᠭᠡᠢ᠂ ᠨᠢᠭᠡ ᠵᠢᠯ ᠳᠤ 3 ᠲᠦᠮᠡ | ᠭᠠᠷᠤᠢ ᠲᠥᠭᠦᠷᠢᠭ ᠣᠯᠵᠤ ᠪᠣᠯᠤᠨ᠎ᠠ︕︾ ᠭᠡᠵᠦ ᠶᠦᠩ ᠹᠠᠨ ᠲᠣᠰᠬᠤᠨ ᠤ ᠠᠷᠠᠳ ᠯᠢᠦ ᠼᠠᠢ ᠯᠢ ᠪᠠᠶᠠᠷᠲᠠᠢ ᠪᠠᠷ ᠬᠡᠯᠡᠪᠡ᠃ | ︽ᠶᠦᠩ ᠹᠠᠨ ᠲᠣᠰᠬᠤᠨ ᠨᠢ ᠮᠠᠨ ᠤ ᠯᠢᠦ ᠬᠤ᠋ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ︿ᠦᠬᠡᠷ ᠡᠮ ᠨᠠᠷᠠᠰᠤᠨ ᠰᠢᠳ ᠤᠨ ᠪᠠᠺᠲ᠋ᠧᠷᠢ﹀ ᠶᠢᠨ ᠠᠵᠤ | ᠦᠢᠯᠡᠰ ᠤᠨ ᠬᠥᠭᠵᠢᠯᠲᠡ ᠶᠢᠨ ᠰᠡᠳᠬᠢᠴᠡ ᠶᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠶ ᠶᠢ ᠪᠥᠲᠥᠭᠡᠨ ᠪᠠᠶᠢᠭᠤᠯᠵᠤ᠂ | 110 ᠠᠯᠠᠰᠢᠨ ᠦᠬᠡᠷ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠶᠢ ᠪᠡᠶᠡᠯᠡᠭᠦᠯᠵᠦ᠂ ᠰᠢᠳ ᠤᠨ ᠡᠮ ᠲᠠᠷᠢᠬᠤ ᠶᠢ 190 ᠡᠷᠦᠬᠡ ᠬᠦᠭᠵᠢᠭᠦᠯᠵᠦ᠂ ᠮᠥᠩᠭᠦᠨ ᠭᠦᠢᠯᠡᠰᠦ 480 | ᠮᠥ ᠳᠠᠷᠢᠵᠤ᠂ ᠬᠡᠷᠬᠡᠨᠡᠭ ᠮᠥᠭᠦ 11 ᠮᠥ ᠳᠠᠷᠢᠵᠤ᠂ ᠣᠶ ᠶᠢᠨ ᠬᠤᠷᠮᠣᠶ ᠶᠢᠨ ᠤᠯᠠᠭᠠᠨ ᠨᠠᠷᠠᠰᠤᠨ ᠡᠪᠡᠷ ᠢ 200 ᠮᠥ ᠳᠠᠷᠢᠵᠤ᠂ ᠠᠶᠢᠯ ᠪᠣᠯᠭᠠᠨ ᠳᠤ ᠠᠵᠤ ᠦᠢᠯᠡᠰ ᠲᠠᠢ᠂ | ᠬᠦᠷᠢᠶᠡᠯᠡᠩ ᠪᠣᠯᠭᠠᠨ ᠳᠤ ᠠᠰᠢᠭ ᠣᠷᠣᠯᠭ᠎ᠠ ᠲᠠᠢ᠂ ᠵᠢᠯ ᠪᠦᠷᠢ ᠳᠤᠮᠳᠠᠴᠢ ᠪᠠᠷ 6000 ᠲᠥᠭᠦᠷᠢᠭ ᠠᠴᠠ ᠳᠡᠭᠡᠭᠰᠢ ᠣᠷᠣᠯᠭ᠎ᠠ ᠨᠡᠮᠡᠭᠳᠡᠬᠦ ᠶᠢ ᠪᠡᠶᠡᠯᠡᠭᠦᠯᠪᠡ︾ ᠭᠡᠵᠦ | ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ ᠸᠠᠩ ᠶᠠᠨ ᠹᠸᠢ ᠲᠠᠨᠢᠯᠴᠠᠭᠤᠯᠪᠠ᠃ | ᠣᠳᠤ ᠲᠦᠴᠢᠦᠸᠠᠨ ᠰᠢᠶᠠᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠲᠠᠪᠤᠨ ᠨᠢᠭᠡ︾ ᠶᠢᠨ ᠤᠯᠠᠨ | ᠲᠦᠮᠡᠨ ᠤ ᠠᠵᠢᠯ ᠤᠨ ᠠᠷᠭ᠎ᠠ ᠰᠣᠶᠣᠯ ᠢ ᠬᠠᠮᠲᠤ ᠪᠠᠷ ᠡᠳ᠋ᠯᠡᠬᠦ ᠠᠴᠠ ᠠᠪᠤᠭᠠᠳ ᠣᠷᠣᠯᠭ᠎ᠠ ᠶᠢ ᠨᠡᠮᠡᠭᠳᠡᠭᠦᠯᠦᠨ ᠬᠠᠮᠲᠤ ᠪᠠᠷ ᠪᠠᠶᠠᠵᠢᠬᠤ᠂ ᠣᠷᠴᠢᠨ ᠲᠣᠭᠤᠷᠢᠨ ᠢ ᠴᠡᠭᠴᠡᠯᠡᠨ | ᠵᠠᠰᠠᠬᠤ᠂ ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠠᠭᠠᠵᠢᠮ ᠢᠶᠠᠷ ᠨᠡᠪᠴᠢᠵᠦ᠂ ᠶᠠᠭ ᠠᠷᠠᠳ ᠤᠯᠠᠨ ᠤ ᠵᠣᠯ ᠵᠢᠷᠭᠠᠯᠲᠤ | ᠠᠮᠢᠳᠤᠷᠠᠯ ᠢ ᠤᠮᠳᠠᠯᠠᠵᠤ ᠪᠠᠶᠢᠨ᠎ᠠ᠃ | ᠡᠨᠡ ᠵᠢᠯ ᠠᠴᠠ ᠨᠠᠭᠠᠰᠢ ᠂ ᠲᠦᠴᠢᠦᠸᠠᠨ ᠰᠢᠶᠠᠨ ᠤ 18 ᠲᠤᠷᠰᠢᠯᠲᠠ ᠶᠢᠨ ᠴᠡᠭ ᠤᠨ ᠲᠣᠰᠬᠤᠨ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠬᠠᠤᠯᠢ ᠶᠢᠨ | ᠱᠠᠭᠠᠷᠳᠠᠯᠭ᠎ᠠ ᠶᠣᠰᠣᠭᠠᠷ᠂ ᠡᠯ᠎ᠡ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠡᠯᠪᠡᠭ ᠬᠤᠷᠢᠶᠠᠯᠲᠠ ᠶᠢ ᠪᠡᠯᠭᠡᠯᠡᠵᠦ ᠤᠯᠤᠰ ᠤᠨ ᠪᠠᠶᠠᠷ ᠢ ᠤᠭᠲᠤᠬᠤ︾ ᠤᠳᠬ᠎ᠠ | ᠤᠷᠠᠯᠢᠭ ᠤᠨ ᠲᠣᠭᠤᠷᠢᠨ ᠲᠣᠭᠯᠠᠯᠲᠠ᠂ ᠬᠦᠷᠢᠶ᠎ᠡ ᠬᠠᠰᠢᠶᠠᠨ ᠤ ᠠᠵᠤ ᠠᠬᠤᠶ ᠶᠢᠨ ᠲᠤᠷᠰᠢᠯᠭ᠎ᠠ ᠰᠣᠯᠢᠯᠴᠠᠬᠤ ᠬᠤᠷᠠᠯ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠲᠠᠶᠢᠯᠤᠮᠵᠢ᠂ ᠵᠥᠷᠢᠴᠡᠯ ᠵᠢᠭᠤᠷᠠᠯᠳᠤᠭᠠᠨ ᠢ ᠡᠷᠦᠬᠡ ᠳᠤ ᠬᠦᠷᠴᠦ ᠵᠢᠭᠰᠠᠭᠠᠨ ᠪᠠᠶᠢᠴᠠᠭᠠᠬᠤ᠂ ︽ᠰᠡᠳᠬᠢᠯ ᠨᠢᠭᠡᠳᠦᠨ ᠤᠯᠤᠰ ᠤᠨ ᠪᠠᠶᠠᠷ ᠢ | ᠤᠭᠲᠤᠵᠤ᠂ ᠰᠢᠨ᠎ᠡ ᠠᠶᠠᠨ ᠵᠠᠮ ᠢ ᠢᠳᠡᠷᠡᠭᠦᠨ ᠢᠶᠠᠷ ᠠᠯᠬᠤᠬᠤ︾ ᠂ ᠨᠠᠮ ᠤᠨ ᠭᠡᠰᠢᠭᠦᠳ ︽ᠾᠧ ᠹᠠ ᠲᠣᠰᠬᠤᠨ ᠤ ᠥᠨᠢ ᠤᠳᠠᠭᠠᠨ ᠲᠡᠦᠬᠡ ᠶᠢ ᠡᠷᠬᠢᠮᠯᠡᠬᠦ︾ ᠵᠡᠷᠭᠡ | ᠠᠵᠢᠯᠯᠠᠭ᠎ᠠ ᠶᠢ 470 ᠭᠠᠷᠤᠢ ᠤᠳᠠᠭ᠎ᠠ ᠥᠷᠨᠢᠭᠦᠯᠵᠦ᠂ 3.7 ᠲᠦᠮᠡᠨ ᠦᠨᠳᠦᠰᠦᠲᠡᠨ ᠨᠦᠭᠦᠳ ᠤᠨ ᠤᠯᠠᠨ ᠲᠦᠮᠡᠨ ᠰᠠᠨᠠᠭᠠᠴᠢᠯᠠᠭ᠎ᠠ ᠠᠴᠠ ᠪᠠᠨ ᠣᠷᠣᠯᠴᠠᠪᠠ᠃ ᠲᠦᠴᠢᠦᠸᠠᠨ | ᠰᠢᠶᠠᠨ ᠪᠠᠰᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ᠂ ᠪᠣᠯᠪᠠᠰᠤᠨ ᠨᠤᠲᠤᠭ ᠤᠨ ᠵᠠᠩᠰᠢᠯ ᠢ ᠪᠤᠶᠢᠵᠢᠭᠤᠯᠬᠤ ᠬᠠᠷᠠᠯᠲᠠ ᠶᠢᠨ ᠲᠣᠭᠤᠷᠢᠨ ᠳᠤ᠂ | ᠵᠧᠵᠢᠶᠠᠩ ᠮᠤᠵᠢ ᠶᠢᠨ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠠᠵᠢᠯ ᠤᠨ ᠲᠤᠷᠰᠢᠯᠭ᠎ᠠ ᠶᠢ ᠰᠤᠷᠤᠯᠴᠠᠨ | ᠲᠣᠯᠢᠳᠠᠵᠤ᠂ ᠬᠤᠪᠢ ᠬᠤᠷᠠᠮᠳᠤᠭᠤᠯᠬᠤ ᠲᠦᠷᠢᠮ᠂ ᠤᠯᠠᠭᠠᠨ ᠬᠠᠷ᠎ᠠ ᠰᠠᠮᠪᠠᠷ᠎ᠠ ᠵᠡᠷᠭᠡ ᠠᠵᠢᠯ ᠤᠨ ᠲᠣᠭᠲᠠᠴᠠ ᠶᠢ ᠰᠢᠨ᠎ᠡ ᠪᠠᠷ ᠡᠭᠦᠳᠦᠨ ᠬᠡᠷᠡᠭᠵᠢᠭᠦᠯᠪᠡ᠃ ᠡᠳᠡᠭᠡᠷ | ᠲᠣᠭᠲᠠᠴᠠ ᠶᠢ ᠬᠡᠷᠡᠭᠵᠢᠭᠦᠯᠦᠭᠰᠡᠨ ᠨᠢ ᠮᠠᠯᠴᠢᠨ ᠲᠠᠷᠢᠶᠠᠴᠢᠨ ᠲᠦᠮᠡᠨ ᠤ ᠬᠥᠳᠡᠭᠡ ᠲᠣᠰᠬᠤᠨ ᠤ ᠵᠠᠮ ᠢ ᠬᠠᠮᠠᠭᠠᠯᠠᠬᠤ ᠳᠤ ᠢᠳᠡᠪᠬᠢᠲᠡᠶ ᠣᠷᠣᠯᠴᠠᠬᠤ᠂ ᠠᠶᠢᠯ ᠲᠣᠰᠬᠤᠨ ᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠪᠡᠶ᠎ᠡ ᠪᠠᠨ ᠳᠠᠭᠠᠭᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ | ᠪᠠᠶᠢᠭᠤᠯᠬᠤ ᠵᠡᠷᠭᠡ ᠦᠢᠯᠡᠳᠦᠯᠭᠡ ᠶᠢᠨ ᠠᠵᠢᠯᠯᠠᠭ᠎ᠠ ᠶᠢᠨ ᠢᠳᠡᠪᠬᠢᠵᠢᠯ ᠢ ᠪᠦᠲᠦᠮᠵᠢᠲᠡᠶ ᠳᠠᠶᠢᠴᠢᠯᠠᠭᠰᠠᠨ ᠪᠠᠶᠢᠨ᠎ᠠ᠃ | ᠬᠥᠳᠡᠭᠡ ᠲᠣᠰᠬᠤᠨ ᠳᠤ᠂ ᠬᠤᠳᠠ ᠪᠠᠯᠭᠠᠰᠤᠨ ᠤ ᠨᠡᠶᠢᠭᠡᠮ ᠲᠣᠭᠤᠷᠢᠭ ᠲᠤ ᠭᠡᠰᠡᠨ ᠦᠭᠡᠢ᠂ ᠦᠨᠳᠦᠰᠦᠲᠡᠨ ᠨᠦᠭᠦᠳ ᠤᠨ ᠤᠯᠠᠨ ᠲᠦᠮᠡᠨ ︽ᠲᠠᠪᠤᠨ ᠨᠢᠭᠡ︾ ᠶᠢᠨ | ᠤᠯᠠᠨ ᠲᠦᠮᠡᠨ ᠤ ᠠᠵᠢᠯ ᠤᠨ ᠬᠠᠤᠯᠢ ᠶᠢᠨ ᠳᠡᠮᠵᠢᠯᠭᠡ ᠳᠣᠣᠷ᠎ᠠ ᠪᠠᠰᠠ ᠨᠢᠭᠡ ᠤᠳᠠᠭ᠎ᠠ ᠶᠢᠨ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠵᠦ᠂ ᠬᠤᠭᠤᠷᠣᠨᠳᠣᠬᠢ ᠬᠠᠷᠢᠴᠠᠭ᠎ᠠ ᠪᠠᠨ | ᠨᠡᠩ ᠳᠣᠲᠣᠨᠣ ᠪᠣᠯᠭᠠᠪᠠ᠃ | ᠲᠦᠷᠦᠭᠦᠬᠡᠨ᠂ ᠲᠦᠴᠢᠦᠸᠠᠨ ᠰᠢᠶᠠᠨ ᠤ ᠵᠧᠨ ᠰᠢᠩ ᠨᠡᠶᠢᠭᠡᠮ ᠲᠣᠭᠤᠷᠢᠭ ᠤᠨ ᠬᠤᠷᠠᠯ ᠤᠨ ᠭᠡᠷ ᠲᠤ ᠤᠬᠠᠭᠤᠯᠤᠨ ᠲᠠᠶᠢᠯᠪᠤᠷᠢᠯᠠᠭᠴᠢ ︽ᠭᠤᠷᠪᠠᠨ ᠮᠢᠩᠭᠠᠨ ᠥᠨᠥᠴᠢᠨ | ᠬᠡᠦᠬᠡᠳ ᠢ ᠥᠪᠥᠷ ᠮᠣᠩᠭᠤᠯ ᠳᠤ ᠦᠷᠡᠴᠢᠯᠡᠨ ᠲᠡᠵᠢᠭᠡᠭᠰᠡᠨ ︾ ᠦᠯᠢᠭᠡᠷ ᠢ ᠠᠮᠢᠳᠤᠯᠢᠭ ᠢᠶᠠᠷ ᠶᠠᠷᠢᠵᠤ ᠰᠠᠭᠤᠭᠠᠯᠢ ᠠᠷᠠᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠤ | ᠪᠠᠶᠢᠯ᠎ᠠ᠃ | ᠦᠨᠳᠦᠰᠦᠲᠡᠨ ᠤ ᠦᠯᠢᠭᠡᠷ ᠠᠴᠠ ᠤᠨᠤᠯ ᠲᠦᠷᠦ ᠶᠢᠨ ᠪᠤᠳᠤᠯᠭ᠎ᠠ ᠬᠦᠷᠲᠡᠯ᠎ᠡ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠠᠷᠠᠳ ᠲᠤ ᠲᠦᠬᠦᠮ ᠦᠵᠡᠭᠦᠯᠬᠦ | ᠦᠢᠯᠡᠴᠢᠯᠡᠭᠡ ᠬᠦᠷᠲᠡᠯ᠎ᠡ᠂ ᠲᠦᠴᠢᠦᠸᠠᠨ ᠰᠢᠶᠠᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠢᠨ ᠤᠯᠠᠨ ᠲᠦᠮᠡᠨ ᠤ ᠬᠡᠷᠡᠭᠴᠡᠭᠡ ᠳᠤ ᠰᠠᠭᠤᠷᠢᠯᠠᠵᠤ᠂ | ᠤᠬᠠᠭᠤᠯᠤᠨ ᠲᠠᠶᠢᠯᠪᠤᠷᠢᠯᠠᠬᠤ ᠠᠴᠢᠶᠠᠯᠠᠪᠤᠷᠢ ᠶᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠠᠵᠢᠯ ᠳᠤ ᠪᠠᠨ ᠪᠠᠶᠢᠭ᠎ᠠ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠲᠤᠰ | ᠪᠡᠶ᠎ᠡ ᠶᠢᠨ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ︽ᠰᠢᠶᠤᠤ ᠮᠠ ᠽᠠ ᠶᠢᠨ ᠰᠤᠷᠤᠯᠴᠠᠯᠭ᠎ᠠ ᠶᠢᠨ ᠬᠦᠷᠢᠶ᠎ᠡ︾᠂ ᠭᠤᠣᠯ ᠰᠡᠳᠦᠪᠲᠦ ᠨᠠᠮ ᠤᠨ ᠡᠳᠦᠷ᠂ ᠦᠯᠢᠬᠡᠷ | ᠬᠤᠪᠢᠶᠠᠯᠴᠠᠬᠤ ᠬᠤᠷᠠᠯ ᠵᠡᠷᠭᠡ ᠤᠯᠠᠨ ᠶᠠᠩᠵᠤ ᠶᠢᠨ ᠠᠵᠢᠯᠯᠠᠭ᠎ᠠ ᠪᠠᠷ ᠳᠠᠮᠵᠢᠭᠤᠯᠵᠤ᠂ ᠤᠨᠤᠯ ᠢ ᠤᠬᠠᠭᠤᠯᠤᠨ ᠲᠠᠶᠢᠯᠪᠤᠷᠢᠯᠠᠬᠤ ᠰᠢᠨ᠎ᠡ ᠳᠠᠭᠤᠨ ᠢ ᠦᠨᠳᠦᠰᠦᠨ ᠱᠠᠲᠤᠨ ᠳᠤ | ᠬᠦᠷᠭᠡᠵᠦ᠂ ᠢᠷᠠᠭᠤ ᠡᠭᠡᠰᠢᠭ ᠤᠨ ᠳᠤᠮᠳᠠ ᠤᠯᠠᠨ ᠲᠦᠮᠡᠨ ᠢ ᠬᠦᠳᠦᠯᠦᠨ ᠳᠠᠭᠠᠭᠤᠯᠵᠤ᠂ ᠤᠯᠠᠨ ᠲᠦᠮᠡᠨ ᠢ ᠵᠣᠷᠢᠭᠵᠢᠭᠤᠯᠪᠠ᠃ | ᠲᠦᠴᠢᠦᠸᠠᠨ ᠰᠢᠶᠠᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠪᠠᠰᠠ ᠬᠠᠮᠲᠤᠷᠤᠨ ᠪᠠᠶᠢᠭᠤᠯᠬᠤ ᠨᠢᠭᠡᠴᠢ ᠲᠠᠢ ᠬᠤᠯᠪᠣᠭᠠᠯᠠᠵᠤ᠂ ︽ᠬᠥᠷᠰᠢ ᠵᠡᠷᠭᠡᠯᠡᠳᠡᠭᠡ︾ | ᠶᠢᠨ ᠬᠤᠪᠢ ᠪᠠᠷ ᠬᠥᠷᠰᠢ ᠵᠡᠷᠭᠡᠯᠡᠳᠡᠭᠡ ᠶᠢᠨ ᠰᠣᠶᠣᠯ ᠤᠨ ᠶᠡᠭᠡ ᠴᠤᠭᠯᠠᠷᠠᠯ ᠤᠨ ᠠᠵᠢᠯᠯᠠᠭ᠎ᠠ ᠳᠤ ᠣᠷᠣᠯᠴᠠᠵᠤ᠂ ᠠᠵᠢᠯ ᠳᠤ ᠪᠠᠨ ᠪᠠᠶᠢᠭ᠎ᠠ ᠨᠠᠮ ᠤᠨ ᠭᠡᠰᠢᠭᠦᠳ᠂ | ᠰᠤᠷᠤᠭᠴᠢᠳ ᠤᠨ ᠲᠥᠯᠥᠭᠡᠯᠡᠭᠴᠢ ᠬᠠᠷᠢᠶᠠᠲᠤ ᠣᠷᠣᠨ ᠤ ᠰᠠᠭᠤᠭᠠᠯᠢ ᠠᠷᠠᠳ ᠲᠠᠢ ᠨᠢᠭᠡ ᠲᠠᠩᠬᠢᠮ ᠳᠤ ᠴᠤᠭᠯᠠᠷᠠᠵᠤ᠂ ᠡᠶ᠎ᠡ ᠵᠣᠬᠢᠴᠠᠩᠭᠤᠢ ᠠᠭᠤᠷ ᠠᠮᠢᠰᠬᠤᠯ ᠢ ᠬᠠᠮᠲᠤ ᠪᠠᠷ | ᠡᠳ᠋ᠯᠡᠪᠡ᠃ ︽︿ ᠠᠵᠢᠯ ᠳᠤ ᠪᠠᠨ ᠪᠠᠶᠢᠭ᠎ᠠ ᠨᠠᠮ ᠤᠨ ᠭᠡᠰᠢᠭᠦᠳ ᠨᠤᠲᠤᠭ ᠲᠠᠭᠠᠨ ᠪᠤᠴᠠᠵᠤ ᠨᠡᠷ᠎ᠡ ᠪᠠᠨ ᠮᠡᠳᠡᠭᠦᠯᠬᠦ﹀ ᠠᠵᠢᠯ ᠤᠨ ᠳᠤᠮᠳᠠ᠂ ᠲᠦᠴᠢᠦᠸᠠᠨ ᠰᠢᠶᠠᠨ ᠤ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠢᠨ ︿ᠰᠠᠭᠤᠭᠠᠯᠢ ᠠᠷᠠᠳ ᠬᠠᠭᠤᠳᠠᠰᠤ ᠵᠠᠬᠢᠶᠠᠯᠠᠬᠤ᠂ ᠨᠡᠶᠢᠭᠡᠮ ᠲᠣᠭᠤᠷᠢᠭ ᠬᠠᠭᠤᠳᠠᠰᠤ ᠲᠣᠮᠢᠯᠠᠬᠤ᠂ ᠨᠠᠮ ᠤᠨ | ᠭᠡᠰᠢᠭᠦᠨ ᠬᠠᠭᠤᠳᠠᠰᠤ ᠭᠥᠯᠢᠶᠡᠨ ᠠᠪᠬᠤ﹀ ᠵᠠᠭᠪᠤᠷ ᠢ ᠰᠦᠪᠡᠭᠴᠢᠯᠡᠵᠦ᠂ 2883 ᠨᠡᠷᠡᠰ ᠨᠡᠷ᠎ᠡ ᠮᠡᠳᠡᠭᠦᠯᠦᠭᠰᠡᠨ ᠠᠵᠢᠯ ᠳᠤ ᠪᠠᠨ ᠨᠠᠮ ᠤᠨ ᠭᠡᠰᠢᠭᠦᠨ ᠢ ᠬᠥᠲᠥᠯᠥᠨ | ᠵᠢᠯᠣᠭᠤᠳᠴᠤ ᠪᠠᠶᠢᠭᠠᠳ ᠲᠣᠰ ᠪᠡᠶ᠎ᠡ ᠶᠢᠨ ᠬᠢᠨ ᠳᠠᠪᠠᠭᠤᠯᠢᠭ ᠢ ᠨᠢ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠲᠠᠢ ᠬᠠᠷᠢᠯᠴᠠᠨ | ᠠᠭᠤᠰᠤᠯᠴᠠᠭᠤᠯᠵᠤ᠂ ᠪᠣᠯᠪᠠᠰᠤᠨ ᠢ ᠡᠭᠦᠳᠦᠨ ᠪᠠᠶᠢᠭᠤᠯᠬᠤ ᠨᠡᠶᠢᠯᠡᠮᠡᠯ ᠬᠦᠴᠦᠨ ᠢ ᠬᠠᠮᠲᠤ ᠪᠠᠷ ᠨᠢᠭᠲᠠᠷᠠᠭᠤᠯᠪᠠ︾ ᠭᠡᠵᠦ ᠲᠦᠴᠢᠤᠸᠠᠨ ᠰᠢᠶᠠᠨ ᠤ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠤᠨ ᠡᠷᠬᠢᠯᠡᠭᠴᠢ ᠵᠧᠦ ᠯᠢ ᠺᠦᠨ ᠬᠡᠯᠡᠪᠡ᠃ | ᠡᠭᠦᠨ ᠤ ᠬᠠᠮᠲᠤ᠂ ᠲᠦᠴᠢᠦᠸᠠᠨ ᠰᠢᠶᠠᠨ ᠤ 7 ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠢᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠨᠠᠮ ᠤᠨ ᠡᠳᠦᠷ ᠂ ︽ᠰᠣᠶᠣᠯ ᠤᠨ ᠢᠲᠡᠭᠡᠯ ᠢᠶᠠᠨ | ᠪᠠᠲᠤᠳᠬᠠᠵᠤ ᠦᠨᠳᠦᠰᠦᠲᠡᠨ ᠤ ᠪᠦᠯᠬᠦᠮᠳᠡᠯ ᠢ ᠪᠠᠲᠤᠳᠬᠠᠬᠤ︾ ᠪᠦᠲᠦᠭᠡᠯᠴᠢ ᠰᠡᠳᠬᠢᠮᠵᠢ ᠶᠢᠨ ᠴᠠᠭᠠᠰᠤᠨ ᠬᠠᠶᠢᠴᠢᠯᠠᠮᠠᠯ᠂ ︽ᠬᠠᠵᠠᠭᠤ ᠳᠤ ᠨᠢ ᠠᠮᠤᠷ ᠲᠦᠪᠰᠢᠨ ᠢ | ᠬᠠᠮᠠᠭᠠᠯᠠᠬᠤ︾ ᠭᠤᠤᠯ ᠰᠡᠳᠦᠪᠲᠦ ᠠᠵᠢᠯᠯᠠᠭ᠎ᠠ᠂ ︽ᠪᠦᠷᠢᠨ ᠴᠢᠳᠠᠮᠵᠢᠲᠤ ᠺᠠᠷᠲ︾ ᠤᠨ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢ ᠲᠠᠷᠬᠠᠭᠠᠬᠤ ᠤᠬᠠᠭᠤᠯᠭ᠎ᠠ᠂ ︽ | ᠲᠠᠷᠢᠶᠠᠴᠢᠳ ᠤᠨ ᠳᠤᠷᠠᠨ ᠳᠣᠲᠣᠷᠠᠬᠢ ᠦᠵᠡᠰᠬᠦᠯᠡᠩᠲᠦ ᠰᠠᠶᠢᠬᠠᠨ ᠲᠦᠴᠢᠦᠸᠠᠨ︾ ᠭᠠᠷ ᠤᠲᠠᠰᠤᠨ ᠤ ᠭᠡᠷᠡᠯ ᠵᠢᠷᠤᠭ ᠤᠨ ᠪᠣᠯᠪᠠᠰᠤᠷᠠᠯ ᠵᠡᠷᠭᠡ ᠡᠯ᠎ᠡ ᠲᠦᠷᠦᠯ ᠤᠨ | ᠠᠵᠢᠯᠯᠠᠭ᠎ᠠ ᠶᠢ 152 ᠲᠠᠯᠠᠪᠤᠷ ᠤᠳᠠᠭ᠎ᠠ ᠥᠷᠨᠢᠭᠦᠯᠵᠦ᠂ 1.5 ᠲᠦᠮᠡᠨ ᠦᠨᠳᠦᠰᠦᠲᠡᠨ ᠨᠦᠭᠦᠳ ᠤᠨ ᠤᠯᠠᠨ ᠲᠦᠮᠡᠨ ᠰᠠᠨᠠᠭᠠᠴᠢᠯᠠᠭ᠎ᠠ ᠠᠴᠠ ᠪᠠᠨ ᠣᠷᠣᠯᠴᠠᠪᠠ᠃ | ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ︽ᠲᠠᠪᠤᠨ ᠨᠢᠭᠡ︾ ᠶᠢᠨ ᠤᠯᠠᠨ ᠲᠦᠮᠡᠨ ᠤ ᠠᠵᠢᠯ ᠤᠨ ᠠᠷᠭ᠎ᠠ ᠶᠢᠨ ᠦᠷᠭᠦᠯᠵᠢᠯᠡᠨ ᠦᠢᠯᠡᠳᠦᠯᠭᠡ ᠳᠣᠣᠷ᠎ᠠ᠂ ᠲᠦᠴᠢᠦᠸᠠᠨ | ᠰᠢᠶᠠᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠬᠠᠮᠲᠤᠪᠠᠷ ᠰᠠᠭᠤᠷᠢᠰᠢᠵᠤ᠂ ᠬᠠᠮᠲᠤᠪᠠᠷ ᠰᠤᠷᠤᠯᠴᠠᠵᠤ᠂ ᠬᠠᠮᠲᠤᠪᠠᠷ ᠠᠵᠢᠯᠯᠠᠵᠤ᠂ ᠬᠠᠮᠲᠤᠪᠠᠷ ᠴᠡᠩᠭᠡᠵᠤ᠂ ᠠᠨᠠᠷ ᠤᠨ | ᠦᠷ᠎ᠡ ᠰᠢᠭ ᠨᠢᠭᠲᠠᠷᠠᠨ ᠪᠦᠯᠬᠦᠮᠳᠡᠪᠡ᠃ | |