︽ᠴᠠᠭᠠᠨ ᠰᠠᠷ᠎ᠠ ᠶᠢᠨ ᠪᠠᠶᠠᠷ ᠢ ᠤᠭᠲᠤᠵᠤ ᠢᠷᠦᠭᠡᠯ ᠳᠡᠪᠰᠢᠭᠦᠯᠦᠶ᠎ᠡ︾᠂ ᠴᠠᠭᠠᠨ ᠰᠠᠷ᠎ᠠ ᠶᠢᠨ ᠪᠠᠶᠠᠷ ᠬᠦᠷᠴᠦ ᠢᠷᠡᠬᠦ ᠳᠤ ᠤᠷᠢᠲᠠ ᠪᠠᠷ ᠢᠶᠠᠨ ᠤᠷᠤᠭᠰᠢᠯᠠᠨᠠᠮ︕ ᠰᠢᠶᠠᠩ ᠶᠦᠨ ᠨᠡᠶᠢᠭᠡᠮ ᠲᠣᠭᠤᠷᠢᠭ ᠤᠨ ᠬᠢᠨ ᠰᠢᠨ᠎ᠡ ᠵᠢᠯ ᠤᠨ ᠲᠣᠬᠤᠨᠢᠭᠤᠯᠵᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/1
     ᠣᠯᠠᠨ ᠲᠦᠮᠡᠨ ᠤ ᠬᠠᠯᠠᠭᠤᠨ ᠬᠦᠢᠲᠡᠨ ᠳᠤ᠂ ᠡᠭᠦᠨ ᠢ ᠰᠡᠳᠬᠢᠯ ᠳᠡᠭᠡᠨ ᠪᠤᠳᠤᠵᠤ᠂ 2024 ᠣᠨ ᠤ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠳᠤᠮᠳᠠᠳᠤ  ᠎ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ  ᠎ ᠢ ᠶᠡᠭᠡ ᠪᠠᠷ ᠪᠠᠳᠠᠷᠠᠭᠤᠯᠤᠨ᠂ ᠳᠤᠮᠳᠠᠳᠤ  ᠎ ᠶᠢᠨ ᠦᠨᠳᠦᠰᠦᠲᠡᠨ ᠤ ᠬᠠᠮᠲᠤ  ᠎ ᠶᠢᠨ ᠴᠣᠭᠴᠠ  ᠎ ᠶᠢᠨ ᠤᠬᠠᠮᠰᠠᠷ  ᠎ ᠢ ᠪᠠᠲᠤ ᠪᠠᠬᠢ ᠪᠤᠶ ᠪᠣᠯᠭᠠᠵᠤ᠂ ᠬᠠᠷᠢᠶ᠎ᠠ ᠣᠷᠣᠨ ᠤ ᠶᠠᠳᠠᠭᠤ ᠬᠦᠴᠢᠷᠳᠡᠯᠲᠡᠢ ᠰᠠᠭᠤᠭᠠᠯᠢ ᠠᠷᠠᠳ᠂ ᠨᠠᠭᠠᠲᠤ ᠵᠠᠬ᠎ᠠ  ᠎ ᠶᠢᠨ ᠠᠮᠢᠳᠤᠷᠠᠯ ᠤᠨ ᠪᠠᠲᠤᠯᠠᠭ᠎ᠠ᠂ ᠣᠷᠣᠯᠭ᠎ᠠ ᠪᠠᠭᠠᠲᠠᠢ ᠵᠡᠷᠭᠡ ᠬᠠᠮᠲᠤᠯᠢᠭ  ᠎ ᠢ ᠬᠠᠮᠲᠤ ᠪᠠᠷ ᠬᠠᠯᠠᠮᠵᠢᠯᠠᠨ ᠬᠠᠶᠢᠷᠠᠯᠠᠵᠤ᠂ ᠬᠠᠷᠢᠶ᠎ᠠ ᠣᠷᠣᠨ ᠤ ᠶᠠᠳᠠᠭᠤ ᠬᠦᠴᠢᠷᠳᠡᠯᠲᠡᠢ ᠣᠯᠠᠨ ᠲᠦᠮᠡᠨ ᠤ ᠰᠢᠨ᠎ᠡ ᠵᠢᠯ  ᠎ ᠢ ᠪᠠᠶᠠᠷ ᠬᠥᠷ ᠲᠠᠢ᠂ ᠥᠯᠵᠡᠢ ᠪᠡᠯᠭᠡ ᠲᠠᠢ᠂ ᠠᠮᠤᠷ ᠠᠮᠤᠭᠤᠯᠠᠩ ᠥᠩᠭᠡᠷᠡᠭᠦᠯᠬᠦ  ᠎ ᠶᠢ ᠪᠠᠲᠤᠯᠠᠬᠤ  ᠎ ᠶᠢᠨ ᠲᠥᠯᠥᠭᠡ᠂ 1 ᠰᠠᠷ᠎ᠠ  ᠎ ᠶᠢᠨ 30  ᠎ ᠠᠴᠠ 31᠎ ᠤ ᠡᠳᠦᠷ ᠪᠣᠯᠲᠠᠯ᠎ᠠ ᠰᠢᠶᠠᠩ ᠶᠦᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠰᠢᠨ᠎ᠡ ᠵᠢᠯ ᠤᠨ ᠲᠣᠬᠤᠨᠢᠭᠤᠯᠵᠤ ᠬᠠᠯᠠᠮᠵᠢᠯᠠᠬᠤ ᠠᠵᠢᠯᠯᠠᠭ᠎ᠠ  ᠎ ᠶᠢ ᠵᠣᠬᠢᠶᠠᠨ ᠪᠠᠶᠢᠭᠤᠯᠵᠤ ᠥᠷᠨᠢᠭᠦᠯᠪᠡ᠃
    ᠲᠣᠬᠤᠨᠢᠭᠤᠯᠬᠤ ᠶᠠᠪᠤᠴᠠ ᠳᠤ᠂ ᠨᠡᠶᠢᠭᠡᠮ ᠲᠣᠭᠤᠷᠢᠭ ᠤᠨ ᠠᠵᠢᠯᠲᠠᠳ ᠲᠡᠳᠡᠨ ᠤ ᠣᠳᠣᠬᠠᠨ ᠤ ᠪᠡᠶ᠎ᠡ ᠮᠠᠬᠠᠪᠤᠳ ᠤᠨ ᠪᠠᠶᠢᠳᠠᠯ᠂ ᠠᠮᠢᠳᠤᠷᠠᠯ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠵᠡᠷᠭᠡ ᠶᠢ ᠯᠠᠪᠯᠠᠨ ᠠᠰᠠᠭᠤᠵᠠᠢ᠃ ᠲᠡᠳᠡᠨ ᠢ ᠪᠡᠶ᠎ᠡ ᠪᠠᠨ ᠬᠢᠴᠢᠶᠡᠵᠦ᠂ ᠢᠲᠡᠭᠡᠯ ᠵᠣᠷᠢᠭ ᠲᠠᠢ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠶᠢ ᠵᠣᠷᠢᠭᠵᠢᠭᠤᠯᠵᠤ᠂ ᠠᠮᠢᠳᠤᠷᠠᠯ ᠤᠨ ᠲᠠᠯ᠎ᠠ ᠪᠠᠷ ᠬᠦᠴᠢᠷᠳᠡᠯ ᠲᠠᠢ ᠪᠣᠯ ᠴᠠᠭ ᠲᠤᠬᠠᠢ ᠳᠤᠨᠢ ᠨᠡᠶᠢᠭᠡᠮ ᠲᠣᠭᠤᠷᠢᠭ ᠲᠠᠢ ᠬᠠᠷᠢᠯᠴᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠠᠬᠢᠪᠠ᠃ ᠡᠭᠦᠨ ᠤ ᠬᠠᠮᠲᠤ ᠲᠡᠳᠡᠨ ᠳᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠪᠣᠯᠣᠨ ᠴᠠᠭᠠᠨ ᠰᠠᠷ᠎ᠠ  ᠎ ᠶᠢᠨ ᠢᠷᠦᠭᠡᠯ ᠪᠣᠯᠣᠨ ᠮᠡᠨᠳᠦᠴᠢᠯᠡᠯ  ᠎ ᠢ ᠬᠦᠷᠭᠡᠭᠰᠡᠨ ᠪᠠᠶᠢᠨ᠎ᠠ᠃      ᠬᠦᠴᠢᠷᠳᠡᠯ ᠲᠠᠢ ᠤᠯᠠᠨ ᠲᠦᠮᠡᠨ ᠪᠣᠯ ᠪᠠᠭᠤᠷᠠᠢ ᠬᠠᠮᠲᠤᠯᠢᠭ ᠮᠥᠨ᠂ ᠪᠠᠰᠠ ᠴᠤ ︽ᠲᠠᠪᠤ ᠶᠢ ᠵᠠᠪᠠᠯ ᠰᠤᠷᠪᠤᠯᠵᠢᠯᠠᠬᠤ︾ ᠭᠤᠣᠯᠳᠠᠯᠭ᠎ᠠ ᠲᠠᠢ ᠬᠥᠮᠥᠰ ᠮᠥᠨ᠃ ᠳᠠᠷᠠᠭᠠᠴᠢ ᠶᠢᠨ ᠠᠯᠬᠤᠮ ᠳᠤ᠂ ᠰᠢᠶᠠᠩ ᠶᠦᠨ ᠨᠡᠶᠢᠭᠡᠮ ᠲᠣᠭᠤᠷᠢᠭ ᠤᠨ ᠬᠢᠨ ᠡᠷᠦᠭᠡ ᠳᠤ ᠬᠦᠷᠴᠦ ᠰᠤᠷᠪᠤᠯᠵᠢᠯᠠᠬᠤ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠠᠵᠢᠯᠲᠠᠨ ᠠᠵᠢᠯᠴᠢᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠠᠩᠬᠠᠷᠤᠨ ᠰᠣᠨᠣᠰᠴᠤ᠂ ᠨᠡᠶᠢᠭᠡᠮ ᠲᠣᠭᠤᠷᠢᠭ ᠤᠨ ᠠᠷᠠᠳ ᠲᠦᠮᠡᠨ ᠳᠤ ᠦᠢᠯᠡᠴᠢᠯᠡᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠦᠴᠢᠷᠳᠡᠯᠲᠡᠢ ᠤᠯᠠᠨ ᠲᠦᠮᠡᠨ ᠤ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠬᠦᠴᠢᠷᠳᠡᠯᠲᠡᠢ ᠤᠯᠠᠨ ᠲᠦᠮᠡᠨ ᠳᠤ ᠨᠡᠩ ᠤᠯᠠᠨ ᠵᠣᠯ ᠵᠢᠷᠭᠠᠯᠲᠤ ᠲᠥᠷᠥᠭᠳᠡᠯ ᠪᠠ ᠬᠠᠶᠢᠷ᠎ᠠ ᠬᠠᠯᠠᠮᠵᠢ ᠬᠦᠷᠲᠡᠭᠡᠨ᠎ᠡ᠃
 
ᠢᠷᠡᠯᠲᠡ᠄ ᠰᠢᠶᠠᠩ ᠶᠦᠨ ᠨᠡᠶᠢᠭᠡᠮ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号