ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2024 ᠣᠨ ᠤ 1 ᠰᠠᠷ᠎ᠠ ᠶᠢᠨ ᠶᠡᠭᠡ ᠬᠡᠷᠡᠭ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/2/1
     ᠣᠶᠢᠷ᠎ᠠ ᠳᠤ᠂ ︽ᠬᠦᠰᠡᠯ︾ ᠢᠶᠠᠷ ᠮᠠ᠋ · ᠣᠷᠭᠢᠯᠤᠮ᠎ᠠ ᠰᠡᠳᠭᠢᠯᠭᠡ ︵ᠡᠪᠦᠯ︶ ᠪᠦᠬᠦ ᠬᠤᠲᠠ ᠶᠢᠨ ᠣᠯᠠᠨ ᠲᠦᠮᠡᠨ ᠤ ᠰᠣᠶᠣᠯ ᠤᠷᠠᠯᠢᠭ ᠤᠨ ᠱᠢᠷᠢᠰ ᠤᠷᠤᠯᠳᠤᠭᠠᠨ︾ ᠭᠡᠬᠦ ᠠᠵᠢᠯᠯᠠᠭ᠎ᠠ ᠶᠢᠨ ᠪᠤᠭᠤᠲᠤ ᠬᠤᠲᠠ ᠶᠢᠨ ᠵᠢᠵᠢᠭ ᠱᠢ ᠱᠤᠭ ᠪᠦᠲᠦᠭᠡᠯ ᠤᠨ ᠶᠡᠷᠦᠩᠬᠡᠢ ᠱᠢᠢᠳᠪᠦᠷᠢᠲᠦ ᠤᠷᠤᠯᠳᠤᠭᠠᠨ ᠠᠯᠲᠠᠨ ᠠᠷᠰᠯᠠᠨ ᠵᠦᠴᠦᠭᠡ ᠶᠢᠨ ᠲᠠᠯᠠᠪᠠᠢ ᠳᠤ ᠥᠨᠳᠥᠷᠯᠡᠪᠡ᠃ ᠪᠠᠶ᠋ᠬᠠᠤᠪᠤᠭ᠎ᠠ ᠠᠭᠤᠷᠬᠠᠢ ᠶᠢᠨ ᠣᠷᠣᠨ ᠤ ᠰᠣᠶᠣᠯ ᠤᠨ ᠣᠷᠳᠣᠨ ᠤ ᠰᠣᠩᠭᠤᠨ ᠬᠦᠷᠭᠡᠭᠰᠡᠨ ᠬᠤᠶᠠᠷ ᠬᠥᠮᠦᠨ ᠤ ᠲᠠᠶᠢᠰᠠᠨ ᠳᠠᠭᠤᠤ ︽ᠬᠤᠷᠢᠳᠤᠭᠠᠷ ᠶᠡᠭᠡ ᠬᠤᠷᠠᠯ ᠢ ᠮᠠᠭᠲᠠᠨ ᠰᠠᠶᠢᠰᠢᠶᠠᠵᠤ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠶ᠎ᠠ︾ ᠭᠡᠬᠦ ᠲᠣᠭᠯᠠᠯᠲᠠ ᠨᠢ ᠵᠢᠵᠢᠭ ᠵᠦᠴᠦᠭᠡ ᠶᠢᠨ ᠲᠦᠷᠦᠯ ᠤᠨ ᠬᠠᠮᠤᠭ ᠤᠨ ᠰᠢᠯᠢᠳᠡᠭ ᠴᠤᠭ ᠵᠢᠪᠬᠤᠭ᠎ᠠ ᠶᠢ ᠬᠦᠷᠲᠡᠪᠡ᠃
    1 ᠰᠠᠷ᠎ᠠ ᠶᠢᠨ 10 ᠤ ᠡᠳᠦᠷ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠪᠤᠭᠤᠲᠤ ᠬᠤᠲᠠ ᠶᠢᠨ ᠰᠣᠶᠣᠯ ᠤᠨ ᠣᠷᠳᠣᠨ᠂ ᠴᠢᠩᠱᠠᠨ ᠲᠣᠭᠤᠷᠢᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠵᠦ᠂ ᠡᠯ᠎ᠡ ᠬᠤᠰᠢᠭᠤ ︵ᠰᠢᠶᠠᠨ᠂ ᠲᠣᠭᠤᠷᠢᠭ︶ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠡᠶᠢᠭᠡᠮ ᠤᠨ ᠬᠡᠷᠡᠭ ᠶᠠᠪᠤᠳᠠᠯ ︵ᠰᠣᠶᠣᠯ ᠵᠢᠭᠤᠯᠴᠢᠯᠠᠯ︶ ᠤᠨ ᠲᠣᠪᠴᠢᠶ᠎ᠠ ᠠᠴᠠ ᠬᠠᠮᠵᠢᠨ ᠡᠷᠭᠢᠯᠡᠭᠰᠡᠨ ︽ᠬᠦᠰᠡᠯ︾ ᠢᠶᠠᠷ ᠮᠤᠷᠢ · ᠣᠷᠭᠢᠯᠤᠮ᠎ᠠ ᠬᠠᠯᠠᠭᠤᠨ ᠰᠡᠳᠬᠢᠯᠭᠡ ᠪᠠᠷ ︽ᠡᠪᠦᠯ︾ ᠪᠤᠭᠤᠲᠤ ᠬᠤᠲᠠ ᠶᠢᠨ ᠣᠯᠠᠨ ᠲᠦᠮᠡᠨᠴᠢ ᠴᠢᠨᠠᠷᠲᠠᠶ ᠢᠳᠡᠷ ᠨᠠᠰᠤᠲᠠᠶᠢᠴᠤᠳ ᠤᠨ ᠨᠠᠶᠢᠷᠠᠯ ᠳᠠᠭᠤᠤ ᠶᠢᠨ ᠤᠷᠤᠯᠳᠤᠭᠠᠨ ᠤ ᠶᠡᠷᠦᠩᠬᠡᠶ ᠰᠢᠢᠳᠪᠦᠷᠢᠲᠦ ᠤᠷᠤᠯᠳᠤᠭᠠᠨ ᠳᠤᠮᠳᠠᠳᠤ ᠤᠯᠤᠰ ᠤᠨ ᠴᠡᠷᠢᠭ ᠤᠨ ᠵᠡᠪᠰᠡᠭ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠰᠣᠶᠣᠯ ᠤᠨ ᠣᠷᠳᠣᠨ ᠳᠤ ᠶᠠᠪᠤᠭᠳᠠᠵᠤ᠂ ᠪᠥᠬᠦ ᠬᠤᠲᠠ ᠶᠢᠨ ᠨᠡᠶᠢᠲᠡ 10 ᠨᠠᠶᠢᠷᠠᠯ ᠳᠠᠭᠤᠤ ᠶᠢᠨ ᠠᠩᠭᠢ ᠬᠠᠮᠲᠤ ᠪᠠᠷ ᠤᠷᠤᠯᠳᠤᠭᠠᠨ ᠳᠤ ᠣᠷᠣᠯᠴᠠᠪᠠ᠃ ᠮᠠᠨ ᠤ ᠲᠣᠭᠤᠷᠢᠭ ᠤᠨ ᠲᠢᠶᠧ ᠬᠤᠸᠠ ᠦᠨᠳᠦᠰᠦᠲᠡᠨ ᠤ ᠤᠷᠠᠯᠢᠭ ᠤᠨ ᠪᠦᠯᠬᠦᠮ ᠤᠨ ᠳᠠᠭᠤᠯᠠᠭᠰᠠᠨ ︽ᠲᠡᠭᠷᠢ ᠶᠢᠨ ᠮᠠᠨᠳᠤᠯ ᠳᠤᠮᠳᠠᠳᠤ︾᠂ ︽ᠪᠢ ᠡᠬᠡ ᠤᠯᠤᠰ ᠲᠠᠭᠠᠨ ᠴᠢᠯᠠᠭᠤᠨ ᠲᠣᠰᠣ︾ ᠭᠡᠬᠦ ᠢᠷᠠᠭᠤ ᠠᠯᠳᠠᠷ ᠤᠨ ᠱᠠᠩᠨᠠᠯ ︵ᠬᠤᠶᠠᠳᠤᠭᠠᠷ ᠳᠡᠰ ᠤᠨ ᠱᠠᠩᠨᠠᠯ︶ ᠤᠨ ᠰᠠᠶᠢᠨ ᠠᠮᠵᠢᠯᠲᠠ ᠣᠯᠵᠤ᠂ ᠲᠣᠭᠤᠷᠢᠭ ᠤᠨ ᠰᠣᠶᠣᠯ ᠤᠨ ᠣᠷᠳᠣᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠵᠦ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠰᠢᠩ ᠭᠤᠸᠠᠩ ᠤᠷᠠᠯᠢᠭ ᠤᠨ ᠪᠦᠯᠬᠦᠮ ᠪᠦᠯᠬᠦᠮ ᠤᠨ ᠬᠡᠪ ᠰᠤᠷᠲᠠᠯ ᠤᠨ ᠱᠠᠩᠨᠠᠯ ᠭᠥᠷᠳᠡᠪᠡ᠃
    ᠣᠶᠢᠷ᠎ᠠ ᠳᠤ᠂ ᠴᠢᠩᠭ᠎ᠠ ᠬᠢᠨᠠᠨ ᠪᠠᠢᠴᠠᠭᠠᠯᠲᠠ ᠪᠠ ᠫᠢᠶᠣᠣ ᠥᠭᠭᠦᠯᠲᠡ ᠶᠢᠨ ᠳᠠᠷᠠᠭ᠎ᠠ᠂ ᠣᠯᠠᠨ ᠤᠯᠤᠰ ᠤᠨ ᠠᠭᠤᠷᠬᠠᠢ ᠶᠢᠨ ᠪᠣᠳᠠᠰ ᠤᠨ ᠤᠬᠠᠭᠠᠨ ᠤ ᠨᠡᠢᠭᠡᠮᠯᠢᠭ - ᠱᠢᠨ᠎ᠡ ᠡᠷᠦᠳᠡᠰᠦ ᠨᠡᠷᠡᠯᠡᠬᠦ ᠪᠠ ᠲᠥᠷᠥᠯ ᠬᠤᠪᠢᠶᠠᠬᠤ ᠺᠣᠮᠢᠰ ᠪᠦᠷᠢᠨ ᠪᠢᠯᠧᠲ ᠢᠶᠠᠷ ᠳᠤᠮᠳᠠᠳᠤ ᠤᠯᠤᠰ ᠤᠨ ᠭᠠᠵᠠᠷ ᠱᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶ ᠯᠢ ᠭᠦᠸᠧ ᠡᠦ ᠫᠷᠣᠹᠧᠰᠰᠣᠷ ᠤᠨ ᠪᠦᠯᠬᠦᠮ ᠨᠡᠢᠲᠡ ᠠᠴᠠ ᠭᠤᠶᠤᠴᠢᠯᠠᠨ ᠮᠡᠳᠡᠭᠦᠯᠦᠭᠰᠡᠨ ᠱᠢᠨ᠎ᠡ ᠠᠭᠤᠷᠬᠠᠢ ᠶᠢᠨ ᠴᠠᠭᠠᠨ ᠡᠭᠦᠯᠡ ᠢᠡᠦ ᠪᠧᠢ ᠠᠭᠤᠷᠬᠠᠢ ᠶᠢ ᠵᠥᠪᠱᠢᠶᠡᠷᠡᠵᠦ᠂ ᠵᠥᠪᠱᠢᠶᠡᠷᠡᠭᠰᠡᠨ ᠨᠣᠮᠧᠷ IMA2023 - 084᠃
     ᠪᠠᠶᠠᠬᠤᠪᠤᠭ᠎ᠠ ᠢᠳ᠋ᠷᠢ ᠶᠢᠨ ᠠᠭᠤᠷᠬᠠᠢ ᠪᠤᠯ ᠮᠠᠨ ᠤ ᠤᠯᠤᠰ ᠤᠨ ᠰᠢᠨᠵᠢᠯᠡᠬᠦ ᠤᠬᠠᠭᠠᠨᠳᠠᠳ ᠤᠨ ᠦᠪᠦᠷ ᠮᠤᠩᠭᠤᠯ ᠤᠨ ᠪᠤᠭᠤᠳᠤ ᠬᠤᠳᠠ ᠶᠢᠨ ᠪᠠᠶ᠋ᠬᠠᠤᠪᠤᠭ᠎ᠠ ᠶᠢᠨ ᠬᠦᠨ ᠬᠡᠰᠡᠭ ᠤᠨ ᠴᠢᠯᠠᠭᠤᠯᠢᠭ ᠤᠨ ᠭᠤᠤᠯ ᠳᠤ ᠬᠢᠭᠰᠡᠨ ᠡᠷᠦᠳᠡᠰᠦ ᠶᠢᠨ ᠰᠤᠳᠤᠯᠭᠠᠨ ᠠᠴᠠ ᠢᠯᠡᠷᠡᠭᠦᠯᠦᠭᠰᠡᠨ ᠶᠤᠮ᠂ ᠲᠡᠷᠡ ᠨᠢ ᠨᠢᠭᠡᠨ ᠵᠦᠢᠯ ᠤᠨ ᠴᠤ᠋ ᠰᠢᠨ᠎ᠡ ᠬᠢᠮᠢ ᠶᠢᠨ ᠪᠦᠷᠢᠯᠳᠦᠯ ᠪᠤᠯᠤᠨ ᠴᠤ᠋ ᠰᠢᠨ᠎ᠡ ᠲᠠᠯᠠᠰᠳᠤ ᠴᠤᠭᠴᠠ ᠶᠢᠨ ᠪᠦᠳᠦᠴᠡ ᠶᠢᠨ ᠲᠦᠷᠦᠯ ᠤᠨ ᠬᠦᠨᠳᠦ ᠬᠤᠪᠤᠷ ᠰᠢᠷᠤᠢ ᠶᠢᠨ ᠰᠢᠨ᠎ᠡ ᠡᠷᠦᠳᠡᠰᠤ ᠪᠤᠯᠤᠨ᠎ᠠ᠂ ᠠᠩᠬ᠎ᠠ ᠤᠳᠠᠭ᠎ᠠ ᠢᠯᠡᠷᠡᠭᠦᠯᠦᠭᠰᠡᠨ ᠬᠦᠨᠳᠦ ᠬᠤᠪᠤᠷ ᠰᠢᠷᠤᠢ ᠠᠴᠠ ᠪᠦᠷᠢᠯᠳᠦᠭᠰᠡᠨ ᠰᠢᠨ᠎ᠡ ᠬᠡᠯᠪᠡᠷᠢ ᠶᠢᠨ ᠪᠦᠳᠦᠴᠡ ᠶᠢᠨ ᠪᠠᠶᠢᠭᠠᠯᠢ ᠶᠢᠨ ᠠᠭᠤᠷᠬᠠᠢ ᠪᠤᠯᠤᠨ᠎ᠠ᠃ ᠪᠠᠶᠠᠬᠤᠪᠤᠭ᠎ᠠ ᠢᠳ᠋ᠷᠢ ᠶᠢᠨ ᠠᠭᠤᠷᠬᠠᠢ ᠶᠢ ᠢᠯᠡᠷᠡᠭᠦᠯᠦᠭᠰᠡᠨ ᠪᠣᠯ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠯᠢ ᠰᠢᠶᠠᠨ ᠬᠤᠸᠠ ᠡᠷᠬᠢᠯᠡᠨ ᠪᠠᠶᠢᠭᠤᠯᠤᠭᠰᠠᠨ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠵᠥᠪᠯᠡᠯ ᠤᠨ ︽ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠵᠠᠩᠭᠢᠯᠠᠭ᠎ᠠ ᠶᠢᠨ ᠲᠡᠮᠦᠷᠯᠢᠭ ᠤᠨ ᠴᠠᠩ ᠹᠦ᠋ ᠠᠭᠤᠷᠬᠠᠢ ᠶᠢᠨ ᠬᠥᠳᠡᠯᠭᠡᠬᠦ ᠬᠦᠴᠦᠨ ᠤ ᠤᠬᠠᠭᠠᠨ︾ ᠤ ᠴᠢᠬᠤᠯᠠ ᠶᠡᠭᠡ ᠰᠤᠳᠤᠯᠭᠠᠨ ᠤ ᠲᠥᠯᠥᠪᠯᠡᠭᠡ ᠶᠢᠨ ᠬᠤᠷᠠᠮᠠᠯ ᠲᠦᠷᠦᠯ ᠵᠦᠢᠯ ︽ᠪᠠᠶ᠋ᠬᠠᠤᠪᠤᠭ᠎ᠠ ᠶᠢᠨ ᠬᠡᠳᠦ ᠲᠤᠮᠤ ᠬᠡᠯᠪᠡᠷᠢ ᠶᠢᠨ REE - Nb ᠬᠦᠳᠡᠷ ᠤᠨ ᠬᠡᠪᠲᠡᠰᠢ ᠶᠢᠨ ᠴᠠᠭ ᠵᠠᠢ ᠶᠢᠨ ᠤᠯᠠᠷᠢᠯᠲᠠ ᠪᠠ ᠡᠬᠢ ᠪᠠᠶᠠᠯᠢᠭ ᠤᠨ ᠬᠡᠮᠵᠢᠶ᠎ᠡ ︵92262303︶︾ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠨᠢᠭᠡ ᠪᠠᠶᠢᠵᠤ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶᠂ ᠪᠤᠭᠤᠲᠤ ᠶᠢᠨ ᠪᠤᠯᠤᠳ ᠲᠡᠮᠦᠷ ᠤᠨ ︵ᠪᠦᠯᠦᠭᠯᠡᠯ︶ ᠺᠣᠮᠫᠠᠨᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠵᠠᠷ ᠰᠢᠨᠵᠢᠯᠡᠭᠡ ᠬᠢᠭᠡᠳ ᠳᠡᠯᠡᠬᠡᠢ ᠶᠢᠨ ᠪᠥᠮᠪᠥᠷᠴᠡᠭ ᠤᠨ ᠹᠢᠽᠢᠺ ᠤᠨ ᠰᠤᠳᠤᠯᠭᠠᠨ ᠤ ᠭᠠᠵᠠᠷ ᠬᠠᠮᠲᠤᠷᠠᠨ ᠠᠵᠢᠯᠯᠠᠵᠤ ᠳᠠᠭᠤᠰᠤᠨ᠎ᠠ᠃      ᠣᠶᠢᠷ᠎ᠠ ᠳᠤ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠪᠣᠯᠤᠨ ᠵᠢᠩ ᠳ᠋ᠧ ᠪᠠᠯᠭᠠᠰᠤᠨ ᠤ ᠨᠡᠷᠡᠲᠦ ᠸᠠᠭᠠᠷ ᠱᠠᠭᠠᠵᠠᠩ ᠤᠨ ᠰᠣᠶᠣᠯ ᠤᠨ ᠠᠵᠤ ᠠᠬᠤᠶᠢᠯᠠᠯ ᠵᠢᠩ ᠳ᠋ᠧ ᠪᠠᠯᠭᠠᠰᠤᠨ ᠤ ᠸᠧᠨ ᠰᠢᠨ ᠢᠦᠢ ᠸᠠᠭᠠᠷ ᠱᠠᠭᠠᠵᠠᠩ ᠤᠨ ᠬᠢᠵᠠᠭᠠᠷᠲᠤ ᠺᠣᠮᠫᠠᠨᠢ ᠬᠠᠮᠲᠤᠷᠠᠨ ᠰᠤᠳᠤᠯᠤᠨ ᠦᠢᠯᠡᠳᠦᠭᠰᠡᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ︽ᠴᠠᠢ ᠪᠦᠷᠢᠳᠦᠭᠴᠢ︾ ᠶᠢᠨ ᠬᠤᠪᠣᠷ ᠰᠢᠷᠣᠢ ᠶᠢᠨ ᠸᠠᠭᠠᠷ ᠱᠠᠭᠠᠵᠠᠩ ᠤᠨ ᠳᠤᠯᠠᠭᠠᠨ ᠢ ᠬᠠᠮᠠᠭᠠᠯᠠᠬᠤ ᠴᠣᠮᠣ ᠪᠠᠶᠢᠵᠤ᠂ ᠲᠡᠭᠦᠨ ᠤ ᠥᠪᠡᠷᠮᠢᠴᠡ ᠣᠨᠴᠠᠯᠢᠭ ᠲᠠᠢ᠂ ᠲᠣᠭᠲᠠᠭᠤᠨ ᠪᠠᠺᠲ᠋ᠧᠷᠢ ᠡᠰᠡᠷᠭᠦᠴᠡᠬᠦ ᠴᠢᠳᠠᠮᠵᠢ ᠪᠣᠯᠤᠨ ᠠᠮᠢᠳᠤᠯᠢᠭ ᠤᠰᠤᠨ ᠤ ᠴᠢᠳᠠᠮᠵᠢ ᠠᠴᠠ ᠪᠣᠯᠵᠤ᠂ ᠰᠤᠳᠤᠯᠤᠨ ᠨᠡᠭᠡᠭᠡᠭᠰᠡᠨ ᠠᠵᠤ ᠠᠬᠤᠶᠢᠯᠠᠯ ᠳᠤ ᠵᠢᠩ ᠳ᠋ᠧ ᠵᠧᠨ ᠬᠤᠲᠠ ᠶᠢᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠱᠠᠩᠨᠠᠯ ᠬᠦᠷᠲᠡᠪᠡ᠃      ᠣᠶᠢᠷ᠎ᠠ ᠳᠤ᠂ ᠪᠤᠭᠤᠲᠤ ᠬᠤᠲᠠ ᠶᠢᠨ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠶᠢ ᠰᠢᠯᠭᠠᠷᠠᠭᠤᠯᠬᠤ ᠠᠵᠢᠯᠯᠠᠭ᠎ᠠ ᠳᠤᠮᠳᠠ᠂ ᠮᠠᠨ ᠤ ᠲᠤᠭᠤᠷᠢᠭ ᠤᠨ ᠬᠤᠶᠠᠷ ᠪᠠᠭᠰᠢ ᠴᠣᠯᠭᠤᠷᠠᠨ ᠭᠠᠷᠴᠤ᠂ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠪᠠᠭᠰᠢ ᠪᠥᠸᠧ ᠶᠠ ᠡᠷᠡᠯᠬᠡᠭᠯᠡᠨ ᠤᠷᠤᠭᠰᠢᠯᠠᠬᠤ ᠮᠥᠨ ᠴᠢᠨᠠᠷ ᠢ ᠢᠯᠡᠷᠡᠭᠦᠯᠪᠡ᠃      1 ᠰᠠᠷ᠎ᠠ ᠶᠢᠨ 30 ᠤ ᠡᠳᠦᠷ᠂ ᠪᠤᠭᠤᠲᠤ ᠬᠤᠲᠠ ᠶᠢᠨ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠬᠤᠷᠠᠯ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠪᠦᠦ ᠱᠠᠨ ᠨᠡᠶᠢᠭᠡᠮ ᠲᠣᠭᠤᠷᠢᠭ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠲᠠᠰᠤᠭ ᠲᠤ ᠶᠠᠪᠤᠭᠳᠠᠪᠠ᠃ ᠪᠦᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠭᠴᠢ᠂ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠤᠬᠠᠭᠤᠯᠤᠨ ᠲᠠᠶᠢᠯᠪᠤᠷᠢᠯᠠᠭᠴᠢ᠂ ᠡᠯ᠎ᠡ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ ᠤᠨ ᠡᠷᠬᠢᠯᠡᠭᠴᠢ᠂ ᠨᠡᠶᠢᠭᠡᠮ ᠲᠣᠭᠤᠷᠢᠭ ᠤᠨ ᠤᠬᠠᠭᠤᠯᠬᠤ ᠭᠡᠰᠢᠭᠦᠨ᠂ ᠤᠬᠠᠭᠤᠯᠤᠨ ᠲᠠᠶᠢᠯᠪᠤᠷᠢᠯᠠᠬᠤ ᠭᠤᠣᠯᠯᠠᠭᠴᠢ ᠬᠦᠴᠦᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠴᠠᠢ᠃     ᠣᠶᠢᠷ᠎ᠠ ᠳᠤ᠂ ︽2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠬᠢᠨᠠᠨ ᠰᠢᠯᠭᠠᠵᠤ ᠱᠠᠩᠨᠠᠬᠤ ᠠᠵᠢᠯ ᠤᠨ ᠲᠥᠰᠦᠯ︾ ᠢ ᠦᠨᠳᠦᠰᠦᠯᠡᠨ᠂ ᠲᠠᠨᠢᠯᠴᠠᠭᠤᠯᠤᠨ ᠮᠡᠳᠡᠭᠦᠯᠬᠦ ᠂ ᠬᠢᠷᠢ ᠬᠡᠮ ᠢ ᠠᠩᠬ᠎ᠠ ᠬᠢᠨᠠᠬᠤ᠂ ᠬᠢᠨᠠᠨ ᠪᠠᠶᠢᠴᠠᠭᠠᠵᠤ ᠬᠢᠨᠠᠨ ᠰᠢᠯᠭᠠᠬᠤ ᠲᠠᠰ ᠳᠠᠷᠠᠭᠠᠯᠠᠯ ᠢ ᠭᠦᠶ᠋ᠴᠡᠳᠬᠡᠬᠦ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠠᠴᠠ 2023 ᠣᠨ ᠤ ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠤ ᠨᠡᠷᠡᠰ ᠢ ᠨᠡᠶᠢᠲᠡᠯᠡᠵᠦ᠂ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠵᠠᠰᠠᠭ ᠤᠨ ᠣᠷᠳᠣᠨ ᠢᠷᠠᠭᠤ ᠠᠯᠳᠠᠷᠲᠠᠶ ᠪᠠᠷ ᠨᠡᠷᠡᠰ ᠤᠨ ᠵᠢᠭᠰᠠᠭᠠᠯᠲᠠ ᠳᠤ ᠣᠷᠣᠪᠠ᠃
ᠢᠷᠡᠯᠲᠡ᠄ ᠲᠣᠲᠣᠷᠬᠠᠢ ᠦᠭᠡᠢ