ᠰᠢᠨ᠎ᠡ ᠭᠠᠷᠤᠭ᠎ᠠ ᠰᠢᠨ᠎ᠡ ᠬᠦᠰᠡᠯ ᠰᠢᠨ᠎ᠡ ᠠᠶᠠᠨ ᠰᠢᠨ᠎ᠡ ᠬᠠᠭᠤᠳᠠᠰᠤ ︱ ︱ ᠣᠷᠣᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠬᠥᠩᠭᠡᠵᠢᠭᠦᠯᠬᠦ ᠰᠠᠯᠠᠭᠠᠨ ᠤ ᠡᠪᠡᠳᠴᠢᠲᠡᠨ ᠤ ᠥᠷᠥᠭᠡ ᠵᠢᠴᠢ ᠮᠡᠰᠡ ᠵᠠᠰᠠᠯ ᠤᠨ ᠲᠠᠰᠤᠭ ᠢ ᠲᠠᠰ ᠳᠡᠪᠰᠢᠭᠦᠯᠦᠨ ᠥᠭᠡᠷᠡᠴᠢᠯᠡᠬᠦ ᠠᠵᠢᠯ ᠳᠠᠭᠤᠰᠪᠠ
ᠨᠡᠶᠢᠲᠡᠯᠡᠭᠰᠡᠨ ᠴᠠᠭ᠄
2024/2/2
     ᠮᠡᠰᠡ ᠵᠠᠰᠠᠯ ᠤᠨ ᠦᠷᠦᠭᠡ᠂ ᠮᠡᠰᠡ ᠵᠠᠰᠠᠯ ᠤᠨ ᠡᠮᠦᠨᠡᠬᠢ ᠪᠡᠯᠡᠳᠬᠡᠯ ᠤᠨ ᠦᠷᠦᠭᠡ᠂ ᠮᠢᠨᠴᠦᠷᠡᠭᠦᠯᠭᠡ ᠶᠢᠨ ᠰᠡᠷᠭᠦᠭᠡᠯᠲᠡ ᠶᠢᠨ ᠦᠷᠦᠭᠡ᠂ ᠭᠡᠷ ᠪᠦᠯᠢ ᠶᠢᠨ ᠬᠢᠨ ᠤ ᠬᠦᠯᠢᠶᠡᠯᠲᠡ ᠶᠢᠨ ᠲᠣᠭᠤᠷᠢᠭ ᠁ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠮᠡᠰᠡ ᠵᠠᠰᠠᠯ ᠤᠨ ᠦᠷᠦᠭᠡ᠂ ᠴᠣᠩᠬᠤ ᠪᠠᠷ ᠲᠤᠩᠭᠠᠯᠠᠭ ᠦᠢᠯᠡᠴᠢᠯᠡᠭᠡᠨ ᠤ ᠲᠠᠪᠴᠠᠩ᠂ ᠴᠡᠪᠡᠷ ᠲᠤᠩᠭᠠᠯᠠᠭ ᠬᠤᠩᠭᠢᠯ᠂ ᠴᠣ᠋ ᠰᠢᠨ᠎ᠡ ᠡᠮᠴᠢᠯᠡᠭᠡᠨ ᠤ ᠲᠥᠬᠦᠭᠡᠷᠦᠮᠵᠢ ᠪᠣᠯᠣᠨ ᠪᠠᠭᠠᠵᠢ ᠲᠥᠬᠦᠭᠡᠷᠦᠮᠵᠢ ᠶᠢ ᠲᠣᠭᠤᠷᠢᠨ ᠦᠵᠡᠵᠦ᠂ ᠰᠢᠨ᠎ᠡ ᠳᠦᠷᠰᠦ ᠪᠠᠶᠢᠳᠠᠯ ᠲᠠᠢ ᠪᠣᠯᠵᠤ᠂ ᠬᠥᠮᠥᠰ ᠤᠨ ᠠᠩᠬᠠᠷᠤᠯ ᠢ ᠲᠠᠲᠠᠨ᠎ᠠ᠃
     ᠣᠶᠢᠷ᠎ᠠ ᠳᠤ᠂ 2023 ᠣᠨ  ᠎ ᠠᠴᠠ ᠡᠬᠢᠯᠡᠨ ᠲᠥᠷᠥᠯ ᠵᠦᠢᠯ ᠲᠣᠭᠲᠠᠭᠠᠨ ᠪᠠᠷᠢᠯᠭ᠎ᠠ ᠪᠠᠷᠢᠭᠰᠠᠨ ᠬᠢᠲᠠᠳ ᠡᠮᠨᠡᠯᠭᠡ ᠶᠢᠨ ᠮᠣᠩᠭᠤᠯ ᠡᠮᠨᠡᠯᠭᠡ ᠶᠢᠨ ᠬᠤᠷᠢᠶᠠᠨ ᠤ ᠮᠡᠰᠡ ᠵᠠᠰᠠᠯ ᠤᠨ ᠲᠠᠰᠤᠭ ᠪᠠ ᠬᠥᠩᠭᠡᠵᠢᠭᠦᠯᠬᠦ ᠰᠠᠯᠠᠭᠠᠨ ᠤ ᠡᠪᠡᠳᠴᠢᠲᠡᠨ ᠤ ᠥᠷᠥᠭᠡ ᠶᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ  ᠎ ᠢ ᠨᠢᠭᠡ ᠵᠢᠯ ᠤᠨ ᠶᠠᠭᠠᠷᠠᠯᠲᠠᠢ ᠠᠵᠢᠯ ᠢᠶᠠᠷ ᠳᠡᠮᠵᠢᠨ ᠵᠢᠩᠬᠢᠨᠢ ᠪᠠᠷ ᠲᠤᠰᠢᠶᠠᠨ ᠥᠭᠴᠦ ᠬᠡᠷᠡᠭᠯᠡᠭᠦᠯᠪᠡ᠃
     ᠥᠭᠡᠷᠡᠴᠢᠯᠡᠭᠰᠡᠨ ᠤ ᠳᠠᠷᠠᠭᠠᠬᠢ ᠬᠥᠩᠭᠡᠵᠢᠭᠦᠯᠬᠦ ᠰᠠᠯᠠᠭᠠᠨ ᠤ ᠡᠪᠡᠳᠴᠢᠲᠡᠨ ᠤ ᠥᠷᠥᠭᠡ ᠴᠣ᠋ ᠰᠢᠨ᠎ᠡ ᠪᠠᠶᠢᠳᠠᠯ ᠲᠠᠢ ᠪᠣᠯᠵᠤ᠂ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠨᠢ ᠬᠠᠯᠠᠭᠤᠨ ᠳᠤᠯᠠᠭᠠᠨ᠂ ᠲᠠᠭᠠᠯᠠᠮᠵᠢᠲᠠᠢ᠂ ᠴᠢᠳᠠᠮᠵᠢ ᠶᠢᠨ ᠣᠷᠣᠨ ᠪᠦᠰᠡ ᠶᠢᠨ ᠬᠤᠪᠢᠶᠠᠷᠢᠯᠠᠯ ᠨᠢ ᠵᠦᠢ ᠵᠣᠬᠢᠰᠲᠠᠢ ᠪᠠᠶᠢᠵᠤ᠂ ᠡᠪᠡᠳᠴᠢᠲᠡᠨ ᠤ ᠬᠤᠪᠢ ᠶᠢᠨ ᠨᠢᠭᠤᠴᠠ ᠶᠢ ᠬᠠᠮᠠᠭᠠᠯᠠᠬᠤ᠂ ᠣᠷᠴᠢᠨ ᠠᠬᠤᠢ ᠶᠢ ᠬᠠᠮᠠᠭᠠᠯᠠᠬᠤ ᠪᠠ ᠠᠮᠤᠷ ᠲᠦᠪᠰᠢᠨ᠂ ᠬᠥᠮᠦᠯᠢᠭ ᠴᠢᠨᠠᠷ ᠤᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠢ ᠬᠠᠮᠲᠤ ᠳᠤᠨᠢ ᠬᠠᠷᠠᠭᠠᠯᠵᠠᠵᠤ᠂ ᠥᠷᠥᠭᠡᠨ ᠳᠣᠲᠣᠷᠠᠬᠢ ᠥᠩᠭᠡ ᠶᠢᠨ ᠵᠢᠷᠤᠭ ᠲᠥᠯᠥᠪᠯᠡᠭᠡ ᠨᠢ ᠶᠠᠭᠠᠨ ᠥᠩᠭᠡ ᠪᠠᠷ ᠭᠤᠣᠯᠯᠠᠵᠤ᠂ ᠠᠭᠤᠵᠢᠭᠤ ᠲᠠᠯᠪᠢᠭᠤ᠂ ᠳᠤᠯᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠰᠢᠨ᠎ᠡ ᠡᠮᠴᠢᠯᠡᠭᠡᠨ ᠤ ᠲᠥᠬᠦᠭᠡᠷᠦᠮᠵᠢ ᠶᠢᠨ ᠲᠣᠬᠢᠷᠠᠭᠤᠯᠤᠯᠲᠠ ᠨᠢ ᠬᠥᠩᠭᠡᠵᠢᠭᠦᠯᠬᠦ ᠰᠠᠯᠠᠭᠠᠨ ᠤ ᠲᠤᠰᠬᠠᠢ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠳᠤ ᠣᠳᠣᠬᠢᠴᠢᠯᠠᠭᠰᠠᠨ ᠬᠥᠩᠭᠡᠵᠢᠭᠦᠯᠬᠦ ᠡᠮᠨᠡᠯᠭᠡ ᠶᠢᠨ ᠬᠤᠷᠢᠶ᠎ᠠ ᠶᠢ ᠪᠣᠶ ᠪᠣᠯᠭᠠᠪᠠ︔ ᠮᠡᠰᠡ ᠵᠠᠰᠠᠯ ᠤᠨ ᠲᠠᠰᠤᠭ ᠢ ᠰᠢᠨ᠎ᠡ ᠪᠠᠷ ᠪᠠᠶᠢᠷᠢᠰᠢᠭᠤᠯᠤᠨ ᠵᠢᠷᠤᠵᠤ ᠲᠥᠯᠥᠪᠯᠡᠬᠦ ᠪᠠᠷ ᠳᠠᠮᠵᠢᠭᠤᠯᠤᠨ᠂ ᠴᠡᠪᠡᠷᠴᠡ ᠶᠢᠨ ᠬᠡᠮᠵᠢᠶ᠎ᠡ ᠶᠢ ᠲᠠᠰ ᠳᠡᠪᠰᠢᠭᠦᠯᠬᠦ᠂ ᠠᠮᠤᠷ ᠲᠦᠪᠰᠢᠨ ᠤ ᠰᠡᠷᠭᠡᠶᠢᠯᠡᠯᠲᠡ᠂ ᠳᠤᠯᠠᠭᠠᠨ ᠴᠢᠬᠢᠭ ᠤᠨ ᠬᠡᠮᠵᠢᠶ᠎ᠡ ᠶᠢ ᠡᠵᠡᠮᠳᠡᠬᠦ᠂ ᠭᠡᠷᠡᠯᠲᠦᠭᠦᠯᠬᠦ᠂ ᠲᠠᠭᠤ ᠬᠥᠨᠳᠡᠶᠢᠷᠡᠭᠦᠯᠦᠨ ᠲᠠᠭᠤᠨ ᠢ ᠪᠠᠭᠤᠷᠠᠭᠤᠯᠬᠤ᠂ ᠣᠷᠴᠢᠨ ᠠᠬᠤᠢ ᠶᠢ ᠬᠠᠮᠠᠭᠠᠯᠠᠵᠤ ᠡᠨᠧᠷᠭᠢ ᠠᠷᠪᠢᠯᠠᠬᠤ᠂ ᠣᠶᠤᠨᠴᠢᠯᠠᠭᠰᠠᠨ ᠬᠠᠮᠢᠶᠠᠷᠤᠯᠲᠠ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠡᠯ᠎ᠡ ᠵᠦᠢᠯ ᠤᠨ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠮᠠᠨ ᠤ ᠬᠤᠷᠢᠶᠠᠨ ᠤ ᠨᠠᠩ ᠳᠡᠭᠡᠳᠦ ᠲᠠᠰ ᠤᠨ ᠮᠡᠰᠡ ᠵᠠᠰᠠᠯ ᠬᠢᠬᠦ ᠳᠤ ᠬᠠᠲᠠᠭᠤ ᠬᠡᠷᠡᠭᠰᠡᠯ ᠤᠨ ᠳᠡᠮᠵᠢᠯᠭᠡ ᠬᠠᠩᠭᠠᠪᠠ᠃
     ᠮᠡᠰᠡ ᠵᠠᠰᠠᠯ ᠤᠨ ᠲᠠᠰᠤᠭ ᠢ ᠠᠮᠵᠢᠯᠲᠠ ᠲᠠᠢ ᠪᠠᠷ ᠠᠰᠢᠭᠯᠠᠯᠲᠠ ᠳᠤ ᠣᠷᠣᠭᠤᠯᠵᠤ᠂ ᠡᠪᠡᠳᠴᠢᠲᠡᠨ ᠳᠤ ᠨᠡᠩ ᠠᠮᠤᠷ ᠲᠦᠪᠰᠢᠨ᠂ ᠵᠢᠷᠤᠮᠵᠢᠭᠤᠨ᠂ ᠲᠠᠭᠠᠯᠠᠮᠵᠢᠲᠠᠢ ᠮᠡᠰᠡ ᠵᠠᠰᠠᠯ ᠤᠨ ᠣᠷᠴᠢᠨ ᠲᠣᠭᠤᠷᠢᠨ ᠢ ᠪᠣᠢ ᠪᠣᠯᠭᠠᠵᠤ ᠥᠭᠪᠡ᠃ ᠮᠡᠰᠡ ᠵᠠᠰᠠᠯ ᠤᠨ ᠠᠶᠤᠯ ᠦᠭᠡᠢ ᠴᠢᠨᠠᠷ ᠢ ᠳᠡᠭᠡᠭᠰᠢᠯᠡᠭᠦᠯᠵᠦ᠂ ᠡᠮᠨᠡᠯᠭᠡ ᠶᠢᠨ ᠬᠤᠷᠢᠶ᠎ᠠ ᠶᠢᠨ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠪᠠ ᠮᠡᠷᠭᠡᠵᠢᠯ ᠤᠨ ᠲᠠᠰ ᠳᠡᠪᠰᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ ᠡᠪᠡᠳᠴᠢᠲᠡᠨ ᠤ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠴᠤ᠂ ᠡᠮᠴᠢᠯᠡᠭᠡᠨ ᠤ ᠣᠷᠴᠢᠨ ᠲᠣᠭᠤᠷᠢᠨ ᠪᠠ ᠪᠡᠯᠡᠳᠬᠡᠮᠵᠢ ᠶᠢ ᠢᠳᠡᠪᠬᠢᠲᠡᠢ ᠪᠠᠷ ᠪᠦᠲᠦᠭᠡᠨ ᠪᠠᠶᠢᠭᠤᠯᠵᠤ᠂ ᠥᠷᠭᠡᠨ ᠣᠯᠠᠨ ᠡᠪᠡᠳᠴᠢᠲᠡᠨ ᠳᠤ ᠨᠠᠩ ᠴᠢᠨᠠᠷ ᠰᠠᠶᠢᠲᠠᠢ᠂ ᠥᠨᠳᠥᠷ ᠪᠦᠲᠦᠮᠵᠢᠲᠡᠶ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号