ᠯᠢ ᠴᠢᠶᠠᠩ ᠸᠠᠩ ᠬᠧ ᠨᠢᠩ ᠼᠠᠢ ᠴᠢ ᠣᠷᠣᠯᠴᠠᠵᠠᠢ | ᠳᠣᠮᠳᠠᠳᠪ᠊ ᠤᠯᠤᠰ ᠤᠨ ᠡᠪ ᠬᠠᠮᠳᠪ᠊ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ | ᠡᠷᠬᠢᠯᠡᠭᠴᠢ ᠰᠢ ᠶᠢᠨ ᠫᠢᠩ 2 ᠰᠠᠷ᠎ᠠ ᠶᠢᠨ 19 ᠤ ᠡᠳᠦᠷ ᠤᠨ | ᠦᠳᠡ ᠶᠢᠨ ᠬᠢᠨᠠᠨ ᠵᠥᠪᠯᠡᠵᠦ ᠪᠠᠲᠤᠯᠠᠪᠠ︾ ᠭᠡᠵᠦ ᠬᠡᠯᠡᠪᠡ᠃ | ᠭᠠᠵᠠᠷ ᠰᠢᠷᠣᠢ ᠶᠢᠨ ᠬᠠᠮᠢᠶᠠᠷᠤᠯᠲᠠ ᠶᠢᠨ ᠳᠦᠷᠢᠮ ᠳᠤ | ᠥᠭᠡᠷᠡᠴᠢᠯᠡᠯᠲᠡ ᠬᠢᠵᠦ ᠳᠠᠪᠠᠭᠤᠯᠢᠭ ᠭᠠᠵᠠᠷ ᠣᠷᠣᠨ ᠤ ᠴᠢᠨᠠᠷ | ᠰᠠᠶᠢᠲᠠᠢ ᠬᠥᠭᠵᠢᠯᠲᠡ ᠶᠢᠨ ᠪᠠᠲᠤᠯᠠᠭ᠎ᠠ ᠶᠢᠨ | ᠴᠢᠳᠠᠪᠤᠷᠢ ᠶᠢ ᠴᠢᠩᠭᠠᠳᠬᠠᠬᠤ ᠲᠤᠬᠠᠢ ᠰᠠᠨᠠᠯ︾ ︽ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ | ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠲᠤᠬᠠᠢ ᠰᠠᠨᠠᠯ︾᠂ ︽ᠦᠨᠳᠦᠰᠦᠨ ᠱᠠᠲᠤᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠲᠤᠬᠠᠢ ᠰᠠᠨᠠᠯ︾᠂ ︽ᠪᠥᠬᠦ ᠲᠠᠯ᠎ᠠ ᠪᠠᠷ ᠰᠢᠨ᠎ᠡ ᠶᠢ | ᠡᠭᠦᠳᠬᠦ ᠶᠢ ᠳᠡᠮᠵᠢᠬᠦ ᠰᠠᠭᠤᠷᠢ ᠳᠦᠷᠢᠮ ᠢ ᠲᠦᠷᠭᠡᠪᠴᠢᠯᠡᠨ | ᠪᠣᠶ ᠪᠣᠯᠭᠠᠬᠤ ᠲᠤᠬᠠᠢ ᠰᠠᠨᠠᠯ︾᠂ ︽ᠲᠥᠪ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠵᠥᠪᠯᠡᠯ ᠤᠨ 2023 ᠣᠨ ᠤ ᠠᠵᠢᠯ ᠤᠨ | ᠳ᠋ᠦᠩᠨᠡᠯᠲᠡ ᠶᠢᠨ ᠮᠡᠳᠡᠭᠦᠯᠦᠯᠲᠡ︾᠂ ︽ᠲᠥᠪ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠵᠥᠪᠯᠡᠯ ᠤᠨ 2024 ᠣᠨ ᠤ ᠠᠵᠢᠯ ᠤᠨ | ᠭᠤᠣᠯᠳᠠᠯᠭ᠎ᠠ︾᠃ | ᠰᠢ ᠶᠢᠨ ᠫᠢᠩ ᠬᠤᠷᠠᠯ ᠡᠷᠬᠢᠯᠡᠬᠦ ᠳᠡᠭᠡᠨ | ᠴᠢᠬᠤᠯᠠᠴᠢᠯᠠᠭᠰᠠᠨ ᠨᠢ᠂ ᠬᠤᠷᠸ᠎ᠠ ᠲᠦᠷᠦ ᠶᠢᠨ ᠪᠣᠳᠣᠯᠭ᠎ᠠ᠂ | ᠣᠷᠣᠨ ᠪᠦᠰᠡ ᠶᠢᠨ ᠬᠥᠭᠵᠢᠯᠲᠡ ᠲᠠᠢ ᠨᠡᠩ ᠥᠨᠳᠥᠷ ᠦᠷ᠎ᠡ | ᠪᠦᠲᠦᠮᠵᠢᠲᠡᠢ ᠵᠣᠯᠭᠠᠯᠳᠤᠭᠰᠠᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠭᠠᠵᠠᠷ ᠰᠢᠷᠣᠢ ᠶᠢᠨ ᠴᠢᠬᠤᠯᠠ | ᠡᠯᠧᠮᠧᠨ᠋ᠲ ᠤᠨ ᠲᠣᠬᠢᠷᠠᠭᠤᠯᠤᠯᠲᠠ ᠶᠢᠨ ᠨᠠᠷᠢᠯᠢᠭ | ᠣᠨᠣᠪᠴᠢᠲᠤ ᠴᠢᠨᠠᠷ ᠪᠠ ᠠᠰᠢᠭᠯᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠭᠤᠣᠯ ᠴᠣᠭᠴᠠ ᠶᠢᠨ | ᠴᠢᠳᠠᠮᠵᠢ ᠶᠢᠨ ᠬᠢᠵᠠᠭᠠᠷᠯᠠᠯ ᠪᠦᠲᠦᠮᠵᠢᠲᠡᠢ᠂ ᠤᠯᠤᠰ ᠤᠨ | ᠭᠠᠵᠠᠷ ᠰᠢᠷᠣᠢ ᠶᠢᠨ ᠨᠡᠭᠡᠭᠡᠨ ᠠᠰᠢᠭᠯᠠᠯᠲᠠ ᠵᠣᠬᠢᠴᠠᠩᠭᠤᠢ | ᠡᠮᠬᠢ ᠵᠢᠷᠤᠮ ᠲᠠᠢ ᠣᠷᠣᠨ ᠵᠠᠢ ᠶᠢᠨ ᠬᠥᠭᠵᠢᠯᠲᠡ ᠶᠢᠨ | ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠭᠠᠵᠠᠷ | ᠰᠢᠷᠣᠢ ᠶᠢᠨ ᠴᠢᠬᠤᠯᠠ ᠡᠯᠧᠮᠧᠨ᠋ᠲ ᠤᠨ ᠳᠠᠪᠠᠭᠤᠯᠢᠭ ᠭᠠᠵᠠᠷ | ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ | ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ | ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠪᠣᠯ ᠡᠬᠢ ᠪᠠᠶᠠᠯᠢᠭ ᠣᠷᠴᠢᠨ ᠲᠣᠭᠤᠷᠢᠨ ᠠᠮᠢ | ᠠᠬᠤᠢ ᠶᠢᠨ ᠠᠰᠠᠭᠤᠳᠠᠯ ᠢ ᠰᠢᠢᠳᠪᠦᠷᠢᠯᠡᠬᠦ ᠰᠠᠭᠤᠷᠢ | ᠪᠣᠳᠣᠯᠭ᠎ᠠ ᠮᠥᠨ᠂ ᠪᠦᠬᠦ ᠲᠠᠯ᠎ᠠ ᠪᠠᠷ ᠬᠡᠯᠪᠡᠷᠢ ᠪᠠᠨ | ᠬᠤᠪᠢᠷᠠᠭᠤᠯᠬᠤ᠂ ᠬᠠᠮᠵᠢᠯᠴᠠᠨ ᠬᠡᠯᠪᠡᠷᠢ ᠪᠠᠨ | ᠬᠤᠪᠢᠷᠠᠭᠤᠯᠬᠤ᠂ ᠰᠢᠨ᠎ᠡ ᠶᠢ ᠡᠭᠦᠳᠴᠦ ᠬᠡᠯᠪᠡᠷᠢ ᠪᠠᠨ | ᠬᠤᠪᠢᠷᠠᠭᠤᠯᠬᠤ᠂ ᠠᠮᠤᠷ ᠲᠦᠪᠰᠢᠨ ᠢᠶᠠᠷ ᠬᠡᠯᠪᠡᠷᠢ ᠪᠠᠨ | ᠬᠤᠪᠢᠷᠠᠭᠤᠯᠬᠤ ᠶᠢ ᠪᠠᠷᠢᠮᠲᠠᠯᠠᠵᠤ᠂ ︽ᠬᠤᠣᠰ | ᠨᠡᠭᠦᠷᠡᠰᠦᠲᠥ᠋ᠷᠥᠭᠴᠢ︾ ᠶᠢᠨ ᠠᠵᠢᠯ ᠢᠶᠠᠷ ᠬᠥᠲᠥᠯᠥᠨ | ᠳᠠᠭᠠᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ | ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ | ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ | ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ | ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠬᠤ | ᠬᠡᠷᠡᠭᠲᠡᠢ᠃ ᠦᠨᠳᠦᠰᠦᠨ ᠱᠠᠲᠤᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠬᠦᠴᠦᠨ ᠢ | ᠳᠣᠷᠣᠭᠰᠢ ᠪᠠᠭᠤᠯᠭᠠᠬᠤ᠂ ᠪᠠᠲᠤᠯᠠᠭ᠎ᠠ ᠶᠢ ᠳᠣᠷᠣᠭᠰᠢ | ᠪᠠᠭᠤᠯᠭᠠᠬᠤ᠂ ᠪᠣᠭᠤᠮᠲᠠ ᠶᠢ ᠤᠷᠤᠭᠰᠢ ᠰᠢᠯᠵᠢᠭᠦᠯᠬᠦ ᠶᠢ | ᠠᠬᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ | ᠡᠯ᠎ᠡ ᠲᠦᠷᠦᠯ ᠤᠨ ᠭᠠᠮᠰᠢᠭ ᠠᠳᠡᠯ ᠢ ᠴᠠᠭ ᠲᠤᠬᠠᠢ ᠳᠤᠨᠢ | ᠬᠦᠴᠦᠲᠡᠢ ᠪᠦᠲᠦᠮᠵᠢᠲᠡᠢ ᠰᠢᠢᠳᠪᠦᠷᠢᠯᠡᠵᠦ᠂ ᠠᠮᠤᠷ | ᠲᠦᠪᠰᠢᠨ ᠤ ᠰᠠᠭᠤᠷᠢ ᠬᠠᠪᠲᠠᠰᠤ ᠶᠢ ᠪᠠᠲᠤ ᠴᠣᠭᠴᠠᠯᠠᠵᠤ᠂ | ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ | ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠵᠤ | ᠠᠬᠤᠢ ᠶᠢᠨ ᠭᠦᠨᠵᠡᠭᠡᠢ ᠠᠭᠤᠰᠤᠯᠴᠠᠯ ᠢ ᠬᠢᠵᠠᠭᠠᠷᠯᠠᠵᠤ | ᠪᠠᠶᠢᠭ᠎ᠠ ᠲᠣᠪᠣᠶᠢᠮ᠎ᠠ ᠠᠰᠠᠭᠤᠳᠠᠯ ᠲᠠᠢ ᠨᠢᠭᠲᠠ | ᠤᠶᠠᠯᠳᠤᠭᠤᠯᠤᠨ᠂ ᠰᠢᠨ᠎ᠡ ᠶᠢ ᠡᠭᠦᠳᠬᠦ ᠪᠠᠷ ᠭᠤᠣᠯᠯᠠᠭᠤᠯᠤᠨ | ᠶᠠᠭᠤ ᠬᠢᠬᠦ᠂ ᠰᠢᠨ᠎ᠡ ᠶᠢ ᠡᠭᠦᠳᠬᠦ ᠶᠢ ᠬᠡᠨ ᠵᠣᠬᠢᠶᠠᠨ | ᠪᠠᠶᠢᠭᠤᠯᠬᠤ᠂ ᠰᠢᠨ᠎ᠡ ᠶᠢ ᠡᠭᠦᠳᠬᠦ ᠶᠢ ᠬᠡᠷᠬᠢᠨ ᠲᠡᠮᠵᠢᠨ | ᠵᠣᠷᠢᠭᠵᠢᠭᠤᠯᠵᠤ ᠬᠠᠮᠠᠭᠠᠯᠠᠬᠤ ᠶᠢ ᠬᠡᠷᠬᠢᠨ ᠳᠡᠮᠵᠢᠵᠦ᠂ | ᠥᠭᠡᠷᠡᠴᠢᠯᠡᠯᠲᠡ ᠶᠢᠨ ᠪᠡᠷᠬᠡ ᠰᠡᠳᠦᠪ ᠢ ᠦᠷᠭᠦᠯᠵᠢᠯᠡᠨ | ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠰᠢᠨ᠎ᠡ ᠶᠢ | ᠡᠭᠦᠳᠬᠦ ᠰᠠᠭᠤᠷᠢ ᠳᠦᠷᠢᠮ ᠢ ᠲᠦᠷᠭᠡᠪᠴᠢᠯᠡᠨ ᠪᠠᠶᠢᠭᠤᠯᠬᠤ | ᠬᠡᠷᠡᠭᠲᠡᠢ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠵᠥᠪᠯᠡᠯ ᠤᠨ ᠳᠡᠳ᠋ ᠡᠷᠬᠢᠯᠡᠭᠴᠢ ᠯᠢ | ᠴᠢᠶᠠᠩ᠂ ᠸᠠᠩ ᠬᠧ ᠨᠢᠩ᠂ ᠼᠠᠢ ᠴᠢ ᠬᠤᠷᠠᠯ ᠳᠤ ᠣᠷᠣᠯᠴᠠᠪᠠ᠃ | ᠬᠤᠷᠠᠯ ᠠᠴᠠ᠂ ᠣᠷᠣᠨ ᠪᠦᠰᠡ ᠶᠢᠨ ᠠᠵᠤ ᠠᠬᠤᠢ ᠶᠢᠨ | ᠪᠠᠶᠢᠷᠢᠰᠢᠯ ᠪᠣᠯᠣᠨ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠠᠰᠢᠭᠯᠠᠯᠲᠠ ᠶᠢ ᠨᠢᠭᠡᠳᠦᠯᠲᠡᠢ | ᠲᠥᠯᠥᠪᠵᠢᠭᠦᠯᠵᠦ᠂ ᠡᠯ᠎ᠡ ᠭᠠᠵᠠᠷ ᠤᠨ ᠴᠢᠳᠠᠪᠬᠢ ᠶᠢᠨ | ᠪᠠᠶᠢᠷᠢ ᠲᠣᠭᠲᠠᠭᠠᠯᠲᠠ ᠪᠣᠯᠣᠨ ᠡᠬᠢ ᠪᠠᠶᠠᠯᠢᠭ ᠤᠨ | ᠳᠠᠪᠠᠭᠤᠯᠢᠭ ᠲᠤ ᠰᠠᠭᠤᠷᠢᠯᠠᠵᠤ᠂ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ ᠶᠢᠨ | ᠨᠢᠭᠡᠴᠡ ᠶᠢ ᠨᠠᠷᠢᠯᠢᠭᠵᠢᠭᠤᠯᠵᠤ᠂ ᠡᠬᠢ ᠪᠠᠶᠠᠯᠢᠭ ᠢ | ᠨᠡᠭᠡᠭᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠵᠦ᠂ | ᠳᠠᠪᠠᠭᠤᠯᠢᠭ ᠭᠠᠵᠠᠷ ᠣᠷᠣᠨ ᠤ ᠵᠢᠱᠢᠶ᠎ᠡ ᠦᠵᠡᠭᠦᠯᠵᠦ | ᠬᠥᠲᠥᠯᠥᠨ ᠳᠠᠭᠠᠭᠤᠯᠬᠤ ᠦᠢᠯᠡᠳᠦᠯ ᠢ ᠨᠡᠩ ᠰᠠᠶᠢᠲᠤᠷ | ᠪᠠᠳᠠᠷᠠᠭᠤᠯᠬᠤ ᠬᠡᠷᠡᠭᠲᠡᠢ᠃ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠬᠢᠯᠢ ᠶᠢᠨ ᠵᠠᠭᠠᠭ ᠢ ᠬᠠᠮᠢᠶᠠᠷᠤᠨ | ᠡᠵᠡᠮᠳᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ | ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ᠂ ᠬᠤᠲᠠ ᠪᠠᠯᠭᠠᠰᠤ ᠶᠢᠨ ᠨᠡᠭᠡᠭᠡᠨ | ᠬᠥᠭᠵᠢᠭᠦᠯᠦᠯᠲᠡ ᠶᠢᠨ ᠬᠢᠯᠢ ᠶᠢᠨ ᠵᠠᠭᠠᠭ ᠵᠡᠷᠭᠡ ᠭᠤᠷᠪᠠᠨ | ᠬᠢᠵᠠᠭᠠᠷᠯᠠᠬᠤ ᠱᠤᠭᠤᠮ ᠢ ᠴᠢᠩᠭ᠎ᠠ ᠰᠠᠬᠢᠵᠤ᠂ ᠤᠴᠢᠷ | ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ᠵᠠᠷᠢᠮ ᠰᠦᠪᠡᠭᠴᠢᠯᠡᠯᠲᠡ ᠶᠢᠨ ᠴᠢᠨᠠᠷᠲᠠᠢ ᠪᠣᠯᠪᠠᠴᠤ | ᠲᠤᠶᠢᠯ ᠤᠨ ᠪᠠᠴᠢᠮ ᠲᠤᠯᠭᠠᠮ᠎ᠠ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠵᠤ᠂ | ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ᠃ | ᠬᠤᠷᠠᠯ ᠠᠴᠠ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠣᠬᠢᠷᠲᠤᠯ ᠦᠭᠡᠢ ᠬᠡᠯᠪᠡᠷᠢ ᠶᠢ ᠪᠦᠬᠦ | ᠲᠠᠯ᠎ᠠ ᠪᠠᠷ ᠬᠤᠪᠢᠷᠠᠭᠤᠯᠬᠤ ᠶᠢ ᠠᠬᠢᠭᠤᠯᠬᠤ ᠳᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ | ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠴᠢᠨᠠᠷ | ᠰᠠᠶᠢᠲᠠᠢ ᠬᠥᠭᠵᠢᠯᠲᠡ ᠶᠢᠨ ᠣᠷᠣᠨ ᠵᠠᠢ ᠶᠢᠨ ᠪᠠᠶᠢᠷᠢᠰᠢᠯ ᠢ | ᠪᠠᠶᠢᠭᠤᠯᠵᠤ᠂ ᠠᠵᠤ ᠦᠢᠯᠡᠰ ᠤᠨ ᠪᠦᠲᠦᠴᠡ᠂ ᠡᠨᠧᠷᠭᠢ ᠶᠢᠨ | ᠪᠦᠲᠦᠴᠡ᠂ ᠵᠠᠮ ᠲᠡᠭᠡᠭᠡᠪᠦᠷᠢ ᠶᠢᠨ ᠪᠦᠲᠦᠴᠡ᠂ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠬᠥᠭᠵᠢᠯᠲᠡ ᠶᠢᠨ ᠪᠣᠬᠢᠷᠲᠤᠯ ᠦᠭᠡᠢ ᠬᠡᠯᠪᠡᠷᠢ ᠶᠢ | ᠬᠤᠪᠢᠷᠠᠭᠤᠯᠬᠤ ᠶᠢ ᠠᠬᠢᠭᠤᠯᠵᠤ᠂ ᠡᠬᠢ ᠪᠠᠶᠠᠯᠢᠭ ᠢ | ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ | ᠦᠢᠯᠡᠳᠪᠦᠷᠢᠯᠡᠯ ᠤᠨ ᠠᠷᠭ᠎ᠠ ᠬᠡᠯᠪᠡᠷᠢ ᠪᠣᠯᠣᠨ | ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠨ | ᠪᠦᠷᠢᠯᠳᠦᠭᠦᠯᠬᠦ ᠬᠡᠷᠡᠭᠲᠡᠢ᠃ ᠪᠣᠬᠢᠷᠲᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ | ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠪᠦᠬᠦ | ᠲᠠᠯ᠎ᠠ ᠪᠠᠷ ᠠᠷᠪᠢᠯᠠᠬᠤ ᠶᠢ ᠠᠬᠢᠭᠤᠯᠵᠤ᠂ | ᠬᠡᠷᠡᠭᠯᠡᠭᠡ ᠶᠢᠨ ᠬᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠵᠦ᠂ ᠪᠣᠬᠢᠷᠲᠤᠯ ᠦᠭᠡᠢ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠ ᠲᠡᠷᠢᠭᠦᠨ ᠤ | ᠪᠣᠬᠢᠷᠲᠤᠯ ᠦᠭᠡᠢ ᠮᠡᠷᠭᠡᠵᠢᠯ ᠢ ᠳᠡᠯᠭᠡᠷᠡᠭᠦᠯᠦᠨ | ᠬᠡᠷᠡᠭᠯᠡᠬᠦ ᠶᠢ ᠴᠢᠩᠭᠠᠳᠬᠠᠬᠤ ᠬᠡᠷᠡᠭᠲᠡᠢ᠃ ᠪᠣᠬᠢᠷᠲᠤᠯ | ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠡᠯᠪᠡᠷᠢ ᠶᠢ ᠬᠤᠪᠢᠷᠠᠭᠤᠯᠬᠤ ᠶᠢ ᠳᠡᠮᠵᠢᠬᠦ ᠡᠳ᠋ ᠤᠨ | ᠵᠠᠰᠠᠭ ᠭᠠᠶᠢᠯᠢ᠂ ᠮᠥᠩᠭᠦᠨ ᠭᠦᠢᠯᠭᠡᠭᠡ᠂ ᠪᠡᠯᠡ | ᠣᠷᠣᠭᠤᠯᠤᠯᠲᠠ᠂ ᠦᠨ᠎ᠡ ᠬᠠᠩᠰᠢ ᠶᠢᠨ ᠳᠦᠷᠦ ᠶᠢᠨ ᠪᠣᠳᠣᠯᠭ᠎ᠠ | ᠪᠣᠯᠣᠨ ᠬᠠᠮᠢᠶ᠎ᠠ ᠪᠦᠬᠦᠢ ᠵᠠᠬ᠎ᠠ ᠳᠡᠯᠭᠡᠭᠦᠷᠴᠢᠯᠡᠬᠦ | ᠲᠣᠭᠲᠠᠴᠠ ᠶᠢ ᠪᠦᠷᠢᠨᠰᠢᠭᠦᠯᠵᠦ᠂ ᠪᠣᠬᠢᠷᠲᠤᠯ ᠦᠭᠡᠢ | ᠬᠡᠯᠪᠡᠷᠢ ᠶᠢ ᠬᠤᠪᠢᠷᠠᠭᠤᠯᠬᠤ ᠳᠤ ᠳᠦᠷᠦ ᠶᠢᠨ | ᠪᠣᠳᠣᠯᠭ᠎ᠠ ᠶᠢᠨ ᠳᠡᠮᠵᠢᠯᠭᠡ ᠪᠣᠯᠣᠨ ᠳᠦᠷᠢᠮ ᠤᠨ | ᠪᠠᠲᠤᠯᠠᠭ᠎ᠠ ᠬᠠᠩᠭᠠᠬᠤ ᠬᠡᠷᠡᠭᠲᠡᠢ᠃ | ᠬᠤᠷᠠᠯ ᠠᠴᠠ᠂ ᠬᠠᠮᠢᠶᠠᠷᠤᠯᠲᠠ ᠶᠢᠨ | ᠪᠠᠶᠢᠭᠤᠯᠤᠮᠵᠢ ᠶᠢ ᠰᠢᠯᠤᠭᠤᠳᠬᠠᠵᠤ᠂ ᠨᠠᠮ ᠤᠨ ᠦᠨᠳᠦᠰᠦᠨ | ᠱᠠᠲᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠠᠵᠢᠯ ᠳᠠᠬᠢ ᠤᠳᠤᠷᠢᠳᠤᠯᠭ᠎ᠠ ᠶᠢ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠶᠡᠷᠦᠩᠬᠡᠶᠢᠯᠡᠭᠰᠡᠨ ᠳᠠᠪᠠᠭᠤᠯᠢᠭ ᠵᠢᠴᠢ ᠬᠠᠮᠢᠶ᠎ᠠ ᠪᠦᠬᠦᠢ | ᠰᠠᠯᠠᠭ᠎ᠠ ᠮᠥᠴᠢᠷ ᠪᠣᠯᠣᠨ ᠬᠠᠮᠢᠶ᠎ᠠ ᠪᠦᠬᠦᠢ ᠲᠠᠯ᠎ᠠ ᠶᠢᠨ | ᠲᠤᠰᠬᠠᠢ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠵᠤ᠂ | ︽ᠰᠡᠷᠭᠡᠶᠢᠯᠡᠬᠦ︾ ᠪᠠ ︽ᠠᠪᠤᠷᠠᠬᠤ︾ ᠬᠠᠷᠢᠭᠤᠴᠠᠯᠭ᠎ᠠ ᠶᠢᠨ | ᠬᠡᠯᠬᠢᠶ᠎ᠡ ᠶᠢ ᠰᠠᠶᠢᠲᠤᠷ ᠵᠣᠯᠭᠠᠭᠤᠯᠵᠤ᠂ ᠶᠡᠭᠡ ᠠᠮᠤᠷ | ᠲᠦᠪᠰᠢᠨ ᠶᠡᠭᠡ ᠪᠠᠴᠢᠮ ᠪᠠᠶᠢᠳᠠᠯ ᠢ ᠠᠷᠭᠠᠴᠠᠬᠤ ᠪᠣᠷᠣ | ᠲᠥᠯᠥᠪ ᠢ ᠪᠦᠷᠢᠨᠰᠢᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ ᠠᠵᠢᠯ ᠤᠨ ᠲᠣᠭᠲᠠᠴᠠ ᠪᠠᠨ | ᠲᠡᠭᠦᠯᠳᠡᠷᠵᠢᠭᠦᠯᠵᠦ᠂ ᠳᠠᠯᠳᠠ ᠬᠡᠮ ᠢ ᠵᠢᠭᠰᠠᠭᠠᠨ | ᠪᠠᠶᠢᠴᠠᠭᠠᠬᠤ᠂ ᠲᠦᠭᠰᠢᠭᠦᠷᠢ ᠶᠢ ᠢᠯᠭᠠᠨ ᠲᠠᠨᠢᠬᠤ᠂ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠪᠣᠶ | ᠪᠣᠯᠭᠠᠬᠤ ᠶᠢ ᠠᠬᠢᠭᠤᠯᠵᠤ᠂ ᠪᠢᠲᠡᠭᠦᠦ ᠴᠠᠭᠠᠷᠢᠭ ᠤᠨ | ᠬᠠᠮᠢᠶᠠᠷᠤᠯᠲᠠ ᠶᠢ ᠴᠠᠭ ᠲᠤᠬᠠᠢ ᠳᠤᠨᠢ ᠰᠢᠢᠳᠪᠦᠷᠢᠯᠡᠵᠦ᠂ | ᠤᠷᠢᠳᠴᠢᠯᠠᠨ ᠰᠡᠷᠭᠡᠶᠢᠯᠡᠬᠦ᠂ ᠡᠷᠲᠡ ᠢᠯᠡᠷᠡᠭᠦᠯᠬᠦ᠂ ᠪᠠᠭ᠎ᠠ | ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ | ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠂ | ᠰᠠᠭᠤᠷᠢ ᠴᠢᠨᠠᠷᠲᠠᠢ ᠣᠷᠣᠭᠤᠯᠤᠯᠲᠠ ᠶᠢ ᠨᠡᠮᠡᠭᠳᠡᠭᠦᠯᠵᠦ᠂ | ᠭᠠᠵᠠᠷ ᠣᠷᠣᠨ ᠤ ᠬᠥᠮᠥᠨ ᠠᠮᠠ ᠶᠢᠨ ᠲᠤᠭ᠎ᠠ ᠬᠡᠮᠵᠢᠶ᠎ᠡ᠂ ᠠᠵᠤ | ᠠᠬᠤᠢ ᠶᠢᠨ ᠬᠡᠪᠴᠢᠶ᠎ᠡ᠂ ᠭᠠᠢ ᠭᠠᠮᠰᠢᠭ ᠤᠨ ᠠᠳᠡᠯ ᠤᠨ | ᠣᠨᠴᠠᠯᠢᠭ᠂ ᠠᠮᠤᠷ ᠲᠦᠪᠰᠢᠨ ᠤ ᠲᠦᠭᠰᠢᠭᠦᠷᠢ ᠶᠢᠨ ᠬᠡᠮᠵᠢᠶ᠎ᠡ | ᠵᠡᠷᠭᠡ ᠬᠦᠴᠦᠨ ᠵᠦᠢᠯ ᠢ ᠦᠨᠳᠦᠰᠦᠯᠡᠨ᠂ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠬᠦᠴᠦᠨ ᠢ ᠪᠦᠷᠢᠨ ᠭᠦᠢᠴᠡᠳ | ᠲᠣᠬᠢᠷᠠᠭᠤᠯᠤᠨ᠎ᠠ᠃ ᠦᠨᠳᠦᠰᠦᠨ ᠱᠠᠲᠤᠨ ᠤ ᠺᠠᠳ᠋ᠷᠴᠤᠳ ᠤᠨ | ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠨᠡᠶᠢᠭᠡᠮ | ᠨᠡᠶᠢᠲᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ | ᠤᠬᠠᠮᠰᠠᠷ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ | ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠠᠭᠤᠷᠢ | ᠳᠦᠷᠢᠮ ᠢ ᠲᠦᠷᠭᠡᠨ ᠪᠦᠷᠢᠯᠳᠦᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠥᠨᠳᠥᠷ | ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ | ᠪᠡᠶᠡᠯᠡᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠮᠥᠨ᠂ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢᠨ ᠪᠠᠶᠢᠭᠤᠯᠤᠮᠵᠢ ᠶᠢ | ᠲᠡᠭᠦᠯᠳᠡᠷᠵᠢᠭᠦᠯᠵᠦ᠂ ᠰᠢᠨ᠎ᠡ ᠬᠡᠯᠪᠡᠷᠢ ᠶᠢᠨ ᠤᠯᠤᠰ | ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠭᠦᠯᠵᠦ᠂ ᠭᠤᠣᠯ | ᠴᠣᠭᠴᠠ ᠶᠢᠨ ᠬᠠᠮᠵᠢᠯᠴᠠᠭ᠎ᠠ᠂ ᠡᠯᠧᠮᠧᠨ᠋ᠲ ᠤᠨ | ᠲᠣᠬᠢᠷᠠᠭᠤᠯᠤᠯᠲᠠ᠂ ᠤᠷᠮᠠᠰᠢᠭᠤᠯᠵᠤ ᠬᠢᠵᠠᠭᠠᠷᠯᠠᠬᠤ᠂ | ᠨᠡᠭᠡᠭᠡᠯᠲᠡ ᠬᠢᠵᠦ ᠠᠮᠤᠷ ᠲᠦᠪᠰᠢᠨ ᠪᠠᠶᠢᠯᠭᠠᠬᠤ ᠵᠡᠷᠭᠡ | ᠲᠠᠯ᠎ᠠ ᠶᠢᠨ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠳᠦᠷᠢᠮ ᠤᠨ ᠳᠤᠲᠠᠭᠤᠳᠠᠯ ᠢ | ᠨᠥᠬᠦᠪᠦᠷᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠤ | ᠰᠤᠳᠤᠯᠭᠠᠨ᠂ ᠲᠧᠭᠨᠢᠭ ᠮᠡᠷᠭᠡᠵᠢᠯ ᠤᠨ ᠨᠡᠭᠡᠭᠡᠨ | ᠬᠥᠭᠵᠢᠭᠦᠯᠦᠯᠲᠡ᠂ ᠠᠵᠤ ᠦᠢᠯᠡᠰ ᠤᠨ ᠰᠢᠨ᠎ᠡ ᠶᠢ ᠡᠭᠦᠳᠬᠦ | ᠠᠳᠠᠯᠢ ᠪᠤᠰᠤ ᠵᠢᠮ᠎ᠡ ᠶᠣᠰᠣ ᠶᠢ ᠦᠨᠳᠦᠰᠦᠯᠡᠨ᠂ ᠳᠦᠷᠢᠮ ᠤᠨ | ᠵᠢᠷᠤᠭ ᠲᠥᠯᠥᠪᠯᠡᠭᠡ ᠶᠢ ᠲᠦᠷᠦᠯ ᠬᠤᠪᠢᠶᠠᠨ ᠴᠢᠩᠭᠠᠳᠬᠠᠵᠤ᠂ | ᠴᠢᠬᠤᠯᠠ ᠶᠡᠭᠡ ᠥᠭᠡᠷᠡᠴᠢᠯᠡᠯᠲᠡ ᠶᠢᠨ ᠲᠤᠷᠰᠢᠯᠲᠠ ᠶᠢ | ᠤᠷᠢᠳᠠᠪᠠᠷ ᠬᠢᠬᠦ ᠬᠡᠷᠡᠭᠲᠡᠢ᠃ ᠰᠢᠰᠲ᠋ᠧᠮ ᠤᠨ ᠴᠤᠭᠯᠠᠷᠠᠯ ᠢ | ᠴᠢᠩᠭᠠᠳᠬᠠᠨ᠂ ᠰᠢᠨ᠎ᠡ ᠪᠠᠷ ᠨᠡᠶᠢᠲᠡᠯᠡᠭᠰᠡᠨ ᠠᠷᠭ᠎ᠠ | ᠬᠡᠮᠵᠢᠶ᠎ᠡ᠂ ᠰᠢᠨ᠎ᠡ ᠪᠠᠷ ᠲᠣᠭᠲᠠᠭᠠᠭᠰᠠᠨ ᠳᠦᠷᠢᠮ ᠳᠤ | ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ | ᠴᠢᠨᠠᠷ ᠤᠨ ᠦᠨᠡᠯᠡᠨ ᠵᠢᠱᠢᠯᠲᠡ ᠬᠢᠵᠦ᠂ ᠠᠳᠠᠯᠢ | ᠴᠢᠭᠯᠡᠯ ᠢᠶᠠᠷ ᠬᠦᠴᠦᠯᠡᠬᠦ ᠶᠢ ᠦᠨᠡᠨ ᠬᠦ ᠪᠠᠲᠤᠯᠠᠵᠤ᠂ | ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠪᠢᠳᠡ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠠᠴᠠ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ | ᠳᠤᠷᠠᠳᠤᠭᠰᠠᠨ ᠰᠢᠨ᠎ᠡ ᠱᠠᠭᠠᠷᠳᠠᠯᠭ᠎ᠠ ᠶᠢ ᠭᠦᠨᠵᠡᠭᠡᠢ | ᠡᠵᠡᠮᠳᠡᠵᠦ᠂ ᠰᠢᠨ᠎ᠡ ᠭᠠᠷᠤᠭ᠎ᠠ ᠳᠡᠭᠡᠷᠡᠬᠢ | ᠥᠭᠡᠷᠡᠴᠢᠯᠡᠯᠲᠡ ᠶᠢᠨ ᠠᠵᠢᠯ ᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠤᠨᠢᠨ ᠳᠡᠭᠡᠷ᠎ᠡ ᠨᠢ | ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ | ᠬᠦᠴᠦᠯᠡᠵᠦ᠂ ᠰᠢᠨ᠎ᠡ ᠠᠶᠠᠨ ᠤ ᠡᠬᠢᠯᠡᠯᠲᠡ ᠳᠤ ᠬᠥᠳᠡᠯᠭᠡᠬᠦ | ᠬᠦᠴᠦᠨ ᠠᠮᠢᠵᠢᠷᠠᠯ ᠤᠨ ᠬᠦᠴᠦᠨ ᠬᠠᠩᠭᠠᠵᠠᠢ᠃ ᠨᠠᠮ ᠤᠨ | ᠬᠤᠷᠢᠳᠤᠭᠠᠷ ᠶᠡᠭᠡ ᠬᠤᠷᠠᠯ ᠠᠴᠠ ᠪᠠᠶᠢᠷᠢᠯᠠᠭᠤᠯᠤᠭᠰᠠᠨ | ᠥᠭᠡᠷᠡᠴᠢᠯᠡᠯᠲᠡ ᠶᠢᠨ ᠡᠭᠦᠷᠭᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠢᠭᠡ ᠪᠦᠯᠦᠭ | ᠴᠢᠬᠤᠯᠠ ᠥᠭᠡᠷᠡᠴᠢᠯᠡᠯᠲᠡ ᠶᠢᠨ ᠪᠢᠴᠢᠭ ᠮᠠᠲᠧᠷᠢᠶᠠᠯ ᠢ | ᠰᠤᠳᠤᠯᠤᠨ ᠪᠠᠲᠤᠯᠠᠵᠤ᠂ ᠬᠦᠴᠦᠨ ᠢᠶᠠᠨ ᠲᠥᠪᠯᠡᠷᠡᠭᠦᠯᠦᠨ | ᠴᠢᠨᠠᠷ ᠰᠠᠶᠢᠲᠠᠢ ᠬᠥᠭᠵᠢᠯᠲᠡ ᠶᠢᠨ ᠪᠠᠴᠢᠮ ᠬᠡᠷᠡᠭᠴᠡᠭᠡ᠂ | ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ | ᠪᠠᠶᠢᠬᠤ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠪᠡ᠃ ᠨᠠᠮ | ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ | ᠤᠳᠤᠷᠢᠳᠬᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠂ | ᠰᠢᠨᠵᠢᠯᠡᠬᠦ ᠤᠬᠠᠭᠠᠨ ᠮᠡᠷᠭᠡᠵᠢᠯ᠂ ᠮᠥᠩᠭᠦᠨ ᠭᠦᠢᠯᠭᠡᠭᠡ | ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ | ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠲᠥᠪ ᠤᠨ | ᠳᠠᠪᠬᠤᠷᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ | ᠦᠨᠳᠦᠰᠦᠨ ᠳᠡᠭᠡᠨ ᠪᠡᠶᠡᠯᠡᠭᠦᠯᠪᠡ᠃ ᠭᠤᠣᠯᠳᠠᠯᠭ᠎ᠠ ᠲᠠᠢ | ᠥᠭᠡᠷᠡᠴᠢᠯᠡᠯᠲᠡ ᠶᠢᠨ ᠡᠭᠦᠷᠭᠡ ᠶᠢ ᠵᠣᠬᠢᠴᠠᠭᠤᠯᠤᠨ | ᠠᠬᠢᠭᠤᠯᠬᠤ ᠶᠢ ᠴᠢᠩᠭᠠᠳᠬᠠᠵᠤ᠂ ᠰᠢᠪᠠᠳᠠᠨ | ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠲᠦᠯᠬᠢᠨ ᠠᠬᠢᠭᠤᠯᠤᠨ᠎ᠠ᠃ | ᠡᠨᠡ ᠵᠢᠯ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠪᠠᠰᠠ ᠨᠢᠭᠡᠨ ᠴᠢᠬᠤᠯᠠ ᠵᠢᠯ ᠮᠥᠨ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠪᠣᠯ ᠭᠤᠣᠯ ᠡᠭᠦᠷᠭᠡ | ᠮᠥᠨ᠂ ᠡᠨᠡ ᠪᠣᠯ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ ᠠᠴᠠ ᠨᠠᠰᠢᠬᠢ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ | ᠦᠷᠭᠦᠯᠵᠢᠯᠡᠯ ᠪᠣᠯᠬᠤ ᠪᠥᠭᠡᠳ ᠪᠠᠰᠠ ᠴᠤ ᠰᠢᠨ᠎ᠡ ᠠᠶᠠᠨ | ᠳᠠᠶᠢᠨ ᠳᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠲᠦᠯᠬᠢᠨ ᠠᠬᠢᠭᠤᠯᠬᠤ ᠴᠠᠭ ᠦᠶ᠎ᠡ ᠶᠢᠨ | ᠰᠢᠨ᠎ᠡ ᠬᠠᠭᠤᠳᠠᠰᠤ ᠮᠥᠨ᠃ ᠥᠭᠡᠷᠡᠴᠢᠯᠡᠯᠲᠡ ᠨᠡᠭᠡᠭᠡᠯᠲᠡ | ᠭᠡᠬᠦ ᠡᠨᠡ ᠬᠦ ᠵᠠᠩᠭᠢᠯᠠᠭ᠎ᠠ ᠶᠢᠨ ᠠᠷᠭ᠎ᠠ ᠪᠠᠷ | ᠬᠥᠭᠵᠢᠯᠲᠡ ᠶᠢᠨ ᠳᠤᠮᠳᠠᠬᠢ ᠠᠰᠠᠭᠤᠳᠠᠯ ᠢ | ᠰᠢᠢᠳᠪᠦᠷᠢᠯᠡᠬᠦ ᠶᠢ ᠪᠠᠷᠢᠮᠲᠠᠯᠠᠵᠤ᠂ ᠤᠷᠤᠭᠰᠢᠯᠠᠯᠲᠠ ᠶᠢᠨ | ᠵᠠᠮ ᠳᠡᠭᠡᠷᠡᠬᠢ ᠠᠶᠤᠯ ᠲᠦᠭᠰᠢᠭᠦᠷᠢ ᠪᠠ ᠥᠷᠢᠰᠦᠯᠳᠦᠭᠡᠨ ᠢ | ᠠᠷᠭᠠᠴᠠᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ | ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ | ᠵᠣᠷᠢᠭ ᠢ ᠬᠥᠪᠴᠢᠯᠡᠬᠦ᠂ ᠠᠷᠠᠳ ᠤᠨ ᠠᠮᠢᠳᠤᠷᠠᠯ ᠢ | ᠪᠠᠲᠤᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠳᠤ ᠠᠰᠢᠭᠲᠠᠢ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠦᠷᠭᠦᠯᠵᠢᠯᠡᠨ ᠰᠠᠶᠢᠲᠤᠷ ᠠᠳᠬᠤᠵᠤ᠂ | ᠬᠠᠮᠤᠭ ᠤᠨ ᠵᠠᠩᠭᠢᠯᠠᠭ᠎ᠠ ᠶᠢᠨ᠂ ᠬᠠᠮᠤᠭ ᠤᠨ ᠲᠤᠯᠭᠠᠮ᠎ᠠ | ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ | ᠬᠡᠷᠡᠭᠲᠡᠢ᠃ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ | ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ | ᠰᠦᠪᠡᠭᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠤᠷᠤᠭᠰᠢᠲᠠᠢ ᠠᠬᠢᠬᠤ ᠶᠢ | ᠬᠠᠷᠰᠢᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ | ᠬᠠᠷᠰᠢ ᠰᠠᠭᠠᠳ ᠲᠤ ᠠᠩᠬᠠᠷᠤᠯ ᠢᠶᠠᠨ ᠲᠥᠪᠯᠡᠷᠡᠭᠦᠯᠵᠦ᠂ | ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ | ᠭᠤᠣᠯᠳᠠᠯᠭ᠎ᠠ᠂ ᠲᠡᠷᠢᠭᠦᠯᠡᠬᠦ ᠲᠡᠰ ᠳᠠᠷᠠᠭᠠᠯᠠᠯ᠂ ᠭᠤᠣᠯ | ᠰᠢᠪᠲᠤᠯᠬᠤ ᠴᠢᠭᠯᠡᠯ᠂ ᠠᠬᠢᠭᠤᠯᠬᠤ ᠠᠷᠭ᠎ᠠ ᠬᠡᠯᠪᠡᠷᠢ ᠶᠢ | ᠲᠣᠳᠣᠷᠬᠠᠶᠢᠯᠠᠵᠤ᠂ ᠥᠭᠡᠷᠡᠴᠢᠯᠡᠯᠲᠡ ᠶᠢᠨ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠲᠤᠪᠤᠶᠢᠯᠭᠠᠵᠦ᠂ ᠡᠯ᠎ᠡ ᠬᠦᠷᠢᠶᠡᠨ ᠤ ᠭᠤᠣᠯᠳᠠᠯᠭ᠎ᠠ ᠲᠠᠢ | ᠥᠭᠡᠷᠡᠴᠢᠯᠡᠯᠲᠡ ᠶᠢᠨ ᠡᠭᠦᠷᠭᠡ ᠶᠢ ᠲᠤᠪᠤᠶᠢᠯᠭᠠᠬᠤ | ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠢᠯᠡ ᠲᠣᠳᠣ ᠴᠢᠭᠯᠡᠯ ᠤᠨ ᠴᠢᠨᠠᠷᠲᠠᠢ ᠪᠠᠶᠢᠯᠭᠠᠵᠤ᠂ | ᠬᠠᠮᠤᠭ ᠤᠨ ᠲᠣᠪᠣᠶᠢᠮ᠎ᠠ ᠠᠰᠠᠭᠤᠳᠠᠯ ᠢ | ᠰᠢᠢᠳᠪᠦᠷᠢᠯᠡᠬᠦ ᠪᠠᠷ ᠬᠦᠴᠦᠯᠡᠨ ᠴᠢᠷᠮᠠᠶᠢᠵᠤ᠂ | ᠥᠭᠡᠷᠡᠴᠢᠯᠡᠯᠲᠡ ᠶᠢᠨ ᠦᠨᠦᠷ ᠠᠮᠲᠠ ᠶᠢ ᠵᠤᠵᠠᠭᠠᠳᠬᠠᠵᠤ᠂ | ᠴᠢᠨᠠᠷ ᠴᠢᠨᠰᠠᠭ᠎ᠠ ᠶᠢ ᠭᠦᠢᠴᠡᠳ ᠪᠣᠯᠭᠠᠬᠤ ᠬᠡᠷᠡᠭᠲᠡᠢ᠃ | ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠢᠳᠡᠪᠬᠢᠵᠢᠯ ᠢ | ᠭᠦᠢᠴᠡᠳ ᠳᠠᠶᠢᠴᠢᠯᠠᠵᠤ᠂ ᠥᠭᠡᠷᠡᠴᠢᠯᠡᠯᠲᠡ ᠶᠢᠨ | ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ | ᠨᠢᠭᠲᠠᠷᠠᠭᠤᠯᠵᠤ᠂ ᠪᠥᠬᠦ ᠨᠠᠮ ᠪᠥᠬᠦ ᠤᠯᠤᠰ ᠤᠨ ᠬᠦᠴᠦᠨ ᠢ | ᠳᠠᠶᠢᠴᠢᠯᠠᠨ ᠴᠢᠬᠤᠯᠠ ᠶᠡᠭᠡ ᠥᠭᠡᠷᠡᠴᠢᠯᠡᠯᠲᠡ ᠶᠢᠨ | ᠡᠭᠦᠷᠭᠡ ᠶᠢ ᠲᠦᠯᠬᠢᠨ ᠠᠬᠢᠭᠤᠯᠬᠤ ᠪᠠ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠯ᠎ᠡ | ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ | ᠥᠷᠭᠡᠨ ᠢᠶᠠᠷ ᠰᠣᠨᠣᠰᠴᠤ᠂ ᠦᠨᠳᠦᠰᠦᠨ ᠱᠠᠲᠤ ᠪᠠ ᠣᠯᠠᠨ | ᠲᠦᠮᠡᠨ ᠤ ᠡᠭᠦᠳᠦᠨ ᠪᠦᠲᠦᠭᠡᠭᠰᠡᠨ ᠰᠢᠨ᠎ᠡ ᠰᠣᠷᠭᠤᠭ | ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠵᠦ᠂ ᠥᠷᠭᠡᠨ | ᠣᠯᠠᠨ ᠨᠠᠮ ᠤᠨ ᠭᠡᠰᠢᠭᠦᠨ᠂ ᠺᠠᠳ᠋ᠷᠴᠤᠳ ᠤᠨ ᠬᠠᠷᠢᠭᠤᠴᠠᠯᠭ᠎ᠠ | ᠡᠭᠦᠷᠭᠡᠯᠡᠨ ᠠᠵᠢᠯ ᠶᠠᠪᠤᠳᠠᠯ ᠬᠢᠬᠦ ᠶᠢ ᠤᠷᠮᠠᠰᠢᠭᠤᠯᠤᠨ | ᠵᠣᠷᠢᠭᠵᠢᠭᠤᠯᠵᠤ᠂ ᠵᠣᠷᠢᠭᠲᠠᠢ ᠪᠠᠷ ᠰᠢᠨ᠎ᠡ ᠶᠢ ᠡᠭᠦᠳᠬᠦ᠂ | ᠦᠨᠡᠨ ᠬᠦ ᠠᠳᠬᠤᠨ ᠪᠣᠳᠠᠲᠠᠢ ᠠᠵᠢᠯᠯᠠᠬᠤ᠂ ᠵᠠᠮ ᠨᠡᠭᠡᠭᠡᠨ | ᠡᠷᠡᠯᠬᠡᠭᠯᠡᠨ ᠤᠷᠤᠭᠰᠢᠯᠠᠬᠤ ᠥᠭᠡᠷᠡᠴᠢᠯᠡᠯᠲᠡ ᠶᠢᠨ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢ ᠲᠦᠯᠬᠢᠨ | ᠠᠬᠢᠭᠤᠯᠬᠤ ᠬᠡᠷᠡᠭᠲᠡᠢ᠃ | ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠵᠥᠪᠯᠡᠯ ᠤᠨ ᠭᠡᠰᠢᠭᠦᠳ ᠬᠤᠷᠠᠯ ᠳᠤ | ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠤᠯᠭ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ |