ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2024/2/21
      ᠥᠷᠭᠡᠨ ᠤᠯᠠᠨ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠬᠠᠮᠠᠭᠠᠯᠠᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠴᠢᠨᠠᠭᠰᠢᠳᠠ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 19 ᠎ ᠤ ᠡᠳᠦᠷ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ︽ᠡᠷᠬᠢᠨ ᠢᠳᠡᠭᠡᠨ ᠤ ᠠᠮᠤᠷ ᠲᠦᠪᠰᠢᠨ ᠤ ᠵᠢᠷᠤᠮᠵᠢᠯ ᠤᠨ ᠪᠠᠷᠢᠮᠵᠢᠶ᠎ᠠ ᠶᠣᠰᠣᠭᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠢᠯᠭᠠᠵᠤ᠂ ᠢᠳᠡᠭᠡᠨ ᠤᠮᠳᠠᠭᠠᠨ ᠤ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃      ᠪᠠᠶᠢᠴᠠᠭᠠᠬᠤ ᠳᠤᠭᠤᠶᠢᠯᠠᠩ ᠤᠨ ᠬᠢᠨ ︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠲᠤᠬᠠᠢ ᠶᠢᠨ ᠲᠠᠯᠠᠪᠤᠷ ᠤᠨ ᠳᠠᠭᠤᠷᠢᠶᠠᠮᠠᠯ ᠦᠨᠡᠯᠡᠨ ᠰᠢᠯᠭᠠᠵᠤ ᠠᠪᠤᠭᠰᠠᠨ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠤᠭᠰᠠᠨ ᠡᠬᠡ ᠲᠠᠩᠰᠠ︾᠎ ᠶᠢ ᠦᠨᠳᠦᠰᠦᠯᠡᠨ᠂ ᠠᠰᠠᠭᠤᠳᠠᠯ ᠣᠷᠣᠰᠢᠵᠤ ᠪᠠᠶᠢᠭ᠎ᠠ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠡ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠡᠷᠦᠬᠡ ᠳᠠᠷᠠᠭᠠᠯᠠᠨ ︽ᠡᠷᠭᠢᠵᠦ ᠦᠵᠡᠬᠦ︾ ᠠᠵᠢᠯ ᠢ ᠬᠢᠵᠦ᠂ ᠪᠠᠶᠢᠴᠠᠭᠠᠭᠰᠠᠨ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠠᠰᠤᠬᠤ ᠶᠢ ᠦᠨᠡᠨᠬᠦ ᠪᠠᠲᠤᠯᠠᠬᠤ ᠬᠡᠷᠡᠭᠲᠡᠢ᠃      ᠨᠢᠭᠡ ᠳᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠦᠨᠡᠮᠯᠡᠯ ᠢ ᠢᠯᠡ ᠨᠡᠶᠢᠲᠡᠯᠡᠬᠦ᠂ ᠢᠳᠡᠭᠡᠨ ᠤᠮᠳᠠᠭᠠᠨ ᠤ ᠠᠵᠢᠯᠯᠠᠭᠠᠨ ᠤ ᠵᠢᠷᠤᠮᠵᠢᠯ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠲᠦᠭᠦᠬᠡᠢ ᠮᠠᠲ᠋ᠧᠷᠢᠶᠠᠯ ᠤᠨ ᠬᠠᠳᠠᠭᠠᠯᠠᠯᠲᠠ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ ᠵᠡᠷᠭᠡ ᠡᠯ᠎ᠡ ᠭᠤᠭᠴᠤᠭ᠎ᠠ ᠳᠤ ᠨᠡᠶᠢᠳᠡᠮ ᠪᠠᠶᠢᠴᠠᠭᠠᠯᠲᠠ ᠶᠢ ᠭᠤᠣᠯᠳᠠᠯᠭ᠎ᠠ ᠲᠠᠢ ᠥᠷᠨᠢᠭᠦᠯᠦᠨ᠎ᠡ᠃ ᠡᠯ᠎ᠡ ᠨᠢᠭᠡᠴᠡ ᠶᠢ ᠰᠢᠮᠳᠠᠭᠤᠯᠵᠤ ᠪᠠᠶᠢᠭᠠᠳ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠵᠦ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠦᠨᠡᠨᠬᠦ ᠠᠷᠢᠯᠭᠠᠵᠤ᠂ ᠥᠷᠭᠡᠨ ᠣᠯᠠᠨ ᠠᠷᠠᠳ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠬᠤᠶᠠᠷ ᠲᠤ ᠂ ᠬᠠᠷᠢᠶᠠᠲᠤ ᠣᠷᠣᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ︾ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠵᠢᠴᠢ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ ᠪᠠᠷᠠᠭ᠎ᠠ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠲᠣᠭᠲᠠᠮᠠᠯ ᠬᠤᠭᠤᠴᠠᠭ᠎ᠠ ᠲᠠᠢ ᠪᠠᠷ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠪᠠ ᠠᠵᠢᠯ ᠡᠷᠬᠢᠯᠡᠭᠰᠡᠳ ᠤᠨ ᠪᠣᠯᠪᠠᠰᠤᠷᠠᠭᠤᠯᠤᠯ ᠢ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠭᠤᠷᠪᠠ ᠳᠤ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠬᠠᠮᠢᠶ᠎ᠠ ᠪᠦᠬᠦᠢ ᠠᠵᠢᠯᠲᠠᠨ ᠳᠤ ᠢᠳᠡᠭᠡᠨ ᠤᠮᠳᠠᠭᠠᠨ ᠤ ᠠᠵᠢᠯᠯᠠᠭᠠᠨ ᠤ ᠵᠢᠷᠤᠮᠵᠢᠯ ᠪᠠ ᠢᠳᠡᠭᠡᠨ ᠤ ᠠᠮᠤᠷ ᠲᠦᠪᠰᠢᠨ ᠤ ᠠᠩᠬᠠᠷᠬᠤ ᠵᠦᠢᠯᠡᠰ ᠢ ᠨᠠᠷᠢᠨ ᠬᠢᠨᠠᠮᠠᠭᠠᠢ ᠲᠠᠶᠢᠯᠪᠤᠷᠢᠯᠠᠨ ᠥᠭᠴᠦ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠦᠨ᠂ ᠬᠠᠷᠢᠶᠠᠲᠤ ᠣᠷᠣᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ︽ᠪᠢ ᠮᠡᠳᠡᠵᠦ᠂ ᠪᠢ ᠳᠡᠮᠵᠢᠵᠦ᠂ ᠪᠢ ᠣᠷᠣᠯᠴᠠᠬᠤ︾ ᠪᠣᠯᠭᠠᠨ᠎ᠠ᠃
 
ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号