ᠬᠥᠬᠡ ᠯᠣᠣ ᠵᠢᠯ ᠳᠤ᠂ ᠪᠠᠶᠠᠨ᠋ᠣ᠋ᠪᠣᠭ᠎ᠠ ᠨᠡᠩ ᠦᠵᠡᠰᠬᠦᠯᠡᠩᠲᠦ ᠰᠠᠶᠢᠬᠠᠨ ᠨᠡᠩ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ ᠨᠡᠩ ᠠᠮᠢᠵᠢᠷᠠᠯ ᠤᠨ ᠬᠦᠴᠦᠨ ᠲᠠᠢ ᠪᠣᠯᠬᠤ ᠪᠣᠯᠣᠨ᠎ᠠ
ᠨᠡᠶᠢᠲᠡᠯᠡᠭᠰᠡᠨ ᠴᠠᠭ᠄
2024/2/22
      ︽ᠠᠷᠠᠳ ᠤᠨ ᠬᠤᠳᠠ ᠶᠢᠨ ᠬᠥᠮᠥᠰ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠵᠤ᠂ ᠠᠷᠠᠳ ᠤᠨ ᠬᠤᠳᠠ ᠪᠣᠯ ᠠᠷᠠᠳ ᠲᠦᠮᠡᠨ ᠤ ᠲᠥᠯᠥᠭᠡ ᠶᠤᠮ︾᠃ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡ ᠲᠠᠯ᠎ᠠ ᠨᠢ ᠠᠷᠠᠳ ᠤᠨ ᠠᠮᠢᠳᠤᠷᠠᠯ ᠲᠠᠢ ᠬᠤᠯᠪᠣᠯᠳᠤᠵᠤ᠂ ᠨᠦᠬᠦᠭᠡ ᠲᠠᠯ᠎ᠠ ᠨᠢ ᠬᠥᠭᠵᠢᠯᠲᠡ ᠲᠠᠢ ᠬᠤᠯᠪᠣᠯᠳᠤᠵᠤ ᠪᠠᠶᠢᠳᠠᠭ; ᠨᠢᠭᠡ ᠲᠠᠯ᠎ᠠ ᠪᠠᠷ ᠢᠶᠠᠨ ᠠᠷᠠᠳ ᠤᠨ ᠰᠠᠨᠠᠭ᠎ᠠ ᠶᠢ ᠬᠤᠯᠪᠣᠵᠤ᠂ ᠨᠦᠭᠦᠭᠡ ᠲᠠᠯ᠎ᠠ ᠪᠠᠷ ᠢᠶᠠᠨ ᠶᠠᠰᠤ ᠴᠢᠨᠠᠷ ᠢ ᠬᠤᠯᠪᠣᠨ᠎ᠠ; ᠨᠢᠭᠡ ᠲᠠᠯ᠎ᠠ ᠪᠠᠷ ᠲᠡᠦᠬᠡ ᠶᠢ ᠬᠤᠯᠪᠣᠵᠤ᠂ ᠨᠦᠭᠦᠭᠡ ᠲᠠᠯ᠎ᠠ ᠪᠠᠷ ᠢᠷᠡᠭᠡᠳᠦᠢ ᠶᠢ ᠬᠤᠯᠪᠣᠨ᠎ᠠ᠃ ᠬᠥᠬᠡ ᠯᠣᠣ ᠵᠢᠯ ᠳᠤ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠠᠷᠠᠳ ᠤᠯᠠᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠦᠪᠰᠢᠨ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠮᠲᠤᠪᠠᠷ ᠵᠥᠪᠳᠡᠯᠴᠡᠨ ᠬᠠᠮᠲᠤᠪᠠᠷ ᠪᠠᠶᠢᠭᠤᠯᠬᠤ᠂ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠣᠷᠣᠰᠢᠨ ᠰᠠᠭᠤᠬᠤ ᠳᠤ ᠲᠣᠬᠢᠷᠠᠬᠤ ᠴᠠᠭᠠᠨ ᠡᠭᠦᠯᠡ ᠶᠢ ᠴᠢᠷᠮᠠᠶᠢᠨ ᠪᠠᠶᠢᠭᠤᠯᠤᠨ᠎ᠠ᠃      ᠰᠣᠶᠣᠯ ᠪᠡᠶ᠎ᠡ ᠶᠢᠨ ᠲᠠᠮᠢᠷ ᠤᠨ ᠪᠠᠷᠢᠭᠠᠳᠠ ᠶᠢᠨ ᠠᠵᠤ ᠦᠢᠯᠡᠰ ᠤᠨ ᠲᠠᠰ ᠳᠡᠪᠰᠢᠬᠦ ᠠᠵᠢᠯᠯᠠᠭ᠎ᠠ ᠶᠢ ᠬᠡᠷᠡᠭᠵᠢᠭᠦᠯᠵᠦ᠂ ᠬᠡᠷᠡᠭᠯᠡᠭᠡ ᠶᠢ ᠤᠯᠠᠮ ᠨᠢᠭᠡ ᠠᠯᠬᠤᠮ ᠳᠠᠶᠢᠴᠢᠯᠠᠨ᠂ ᠬᠤᠲᠠ ᠶᠢ ᠬᠥᠭᠵᠢᠭᠡᠨ ᠲᠠᠢ ︽ᠬᠤᠪᠣᠷ ᠰᠢᠷᠣᠢ ᠶᠢᠨ ᠨᠤᠲᠤᠭ︾᠎ ᠤᠨ ᠬᠤᠲᠠ ᠶᠢᠨ ᠨᠠᠷᠠᠲᠤ ᠲᠥᠷᠥᠯ ᠲᠡᠮᠳᠡᠭᠲᠦ ᠶᠢ ᠭᠢᠯᠠᠶᠢᠲᠠᠯ᠎ᠠ ᠠᠷᠴᠢᠵᠤ᠂ ᠬᠤᠲᠠ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠵᠡᠷᠭᠡ ᠲᠠᠯ᠎ᠠ ᠪᠠᠷ ᠪᠥᠬᠦ ᠣᠷᠣᠨ ᠳᠤ ᠪᠥᠬᠦ ᠣᠷᠣᠨ ᠤ ᠪᠦᠬᠦᠯᠢ ᠴᠣᠭᠴᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠪᠠᠷ ᠶᠠᠪᠤᠭᠳᠠᠭᠤᠯᠤᠨ᠎ᠠ᠃ ︽ᠬᠠᠴᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ︾ ︽ᠬᠤᠪᠣᠷ ᠰᠢᠷᠣᠢ ᠶᠢᠨ ᠨᠤᠲᠤᠭ︾ ᠰᠣᠶᠣᠯ ᠵᠢᠭᠤᠯᠴᠢᠯᠠᠯ ᠤᠨ ᠲᠤᠰᠬᠠᠢ ᠭᠠᠯᠲᠤ ᠲᠡᠷᠭᠡ᠂ ᠲᠠᠶᠢᠰᠠᠨ ᠤ ᠵᠦᠴᠦᠭᠡ ᠵᠡᠷᠭᠡ ᠣᠨᠴᠠᠯᠢᠭᠲᠤ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠬᠤᠪᠣᠷ ᠰᠢᠷᠣᠢ ᠶᠢᠨ ᠰᠣᠶᠣᠯ ᠡᠭᠦᠳᠦᠯᠲᠡ ᠶᠢᠨ ᠦᠵᠡᠭᠦᠯᠦᠯᠭᠡ᠂ ᠳᠠᠭᠤᠤ ᠬᠥᠭᠵᠢᠮ ᠤᠨ ᠦᠳᠡᠰᠢᠯᠡᠭᠡ᠂ ᠬᠡᠷᠡᠯ ᠵᠢᠷᠤᠭ ᠤᠨ ᠦᠵᠡᠭᠦᠯᠦᠯᠭᠡ ᠵᠡᠷᠭᠡ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠪᠠᠶᠠᠯᠢᠭᠵᠢᠭᠤᠯᠤᠨ᠂ ᠰᠣᠶᠣᠯ ᠤᠷᠠᠯᠢᠭ ᠤᠨ ᠠᠭᠤᠷ ᠠᠮᠢᠰᠬᠤᠯ ᠢ ᠨᠡᠮᠡᠭᠳᠡᠭᠦᠯᠦᠨ᠎ᠡ᠃ ᠮᠠᠨ ᠤ ᠣᠷᠣᠨ ᠤ ᠬᠤᠪᠣᠷ ᠰᠢᠷᠣᠢ᠂ ᠠᠭᠤᠷᠬᠠᠢ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠠᠭᠤᠷᠬᠠᠢ ᠶᠢᠨ ᠠᠵᠤ ᠦᠢᠯᠡᠳᠪᠦᠷᠢ ᠶᠢᠨ ᠵᠢᠭᠤᠯᠴᠢᠯᠠᠯ᠂ ᠬᠤᠪᠢᠰᠬᠠᠯ ᠤᠨ ᠰᠤᠳᠤᠯᠤᠯ ᠤᠨ ᠵᠢᠭᠤᠯᠴᠢᠯᠠᠯ ᠵᠡᠷᠭᠡ ᠰᠣᠳᠣᠨ ᠵᠠᠮ ᠱᠤᠭᠤᠮ ᠢ ᠪᠣᠶ ᠪᠣᠯᠭᠠᠨ᠎ᠠ᠃ ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ ᠪᠠ ᠬᠥᠯ ᠪᠥᠮᠪᠦᠭᠡ ᠶᠢᠨ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠪᠥᠮᠪᠦᠭᠡ ᠶᠢᠨ ᠲᠥᠷᠥᠯ ᠤᠨ ᠤᠷᠤᠯᠳᠤᠭᠠᠨ ᠢ ᠶᠡᠬᠡᠪᠡᠷ ᠥᠷᠨᠢᠭᠦᠯᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠪᠥᠬᠦ ᠬᠤᠲᠠ ᠶᠢᠨ ᠮᠠᠷᠠᠰᠤᠨ ᠤᠷᠤᠯᠳᠤᠭᠠᠨ ︵ᠬᠠᠭᠠᠰ ᠮᠣᠷᠢ︶᠎ ᠢ ᠮᠠᠨ ᠤ ᠣᠷᠣᠨ ᠳᠤ ᠶᠠᠪᠤᠭᠳᠠᠭᠤᠯᠬᠤ ᠪᠠᠷ ᠢᠳᠡᠪᠬᠢᠲᠡᠢ ᠴᠢᠷᠮᠠᠶᠢᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠰᠡᠯᠪᠢᠨ ᠵᠠᠰᠠᠵᠤ ᠥᠭᠡᠷᠡᠴᠢᠯᠡᠨ᠂ ᠰᠠᠭᠤᠭᠠᠯᠢ ᠠᠷᠠᠳ ᠤᠨ ᠪᠡᠶ᠎ᠡ ᠴᠢᠭᠢᠷᠠᠭᠵᠢᠭᠤᠯᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠤᠨ᠎ᠠ᠃ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠦᠶᠯᠡ ᠠᠵᠢᠯᠯᠠᠭ᠎ᠠ ᠶᠢᠨ ᠦᠵᠡᠭᠦᠯᠦᠯᠭᠡ ᠶᠢᠨ ᠣᠷᠳᠣᠨ ᠤ ᠳᠡᠯᠭᠡᠨ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠳᠡᠯᠭᠡᠨ ᠦᠵᠡᠭᠦᠯᠬᠦ ᠠᠭᠤᠯᠭ᠎ᠠ ᠶᠢ ᠪᠠᠶᠠᠯᠢᠭᠵᠢᠭᠤᠯᠤᠨ᠂ ᠪᠡᠶᠡᠴᠢᠯᠡᠨ ᠣᠶᠢᠯᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠠᠢ ᠶᠦᠨ ᠰᠣᠶᠣᠯ ᠤᠨ ᠡᠬᠢ ᠪᠠᠶᠠᠯᠢᠭ ᠢ ᠠᠭᠤᠳᠠᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠭᠰᠠᠨ᠂ ᠭᠠᠵᠠᠷ ᠣᠷᠣᠨ ᠤ ᠣᠨᠴᠠᠯᠢᠭ ᠲᠠᠢ ᠰᠣᠶᠣᠯ ᠤᠨ ᠪᠦᠲᠦᠭᠡᠭᠳᠡᠬᠦᠨ ᠪᠠ ᠰᠢᠯᠢᠳᠡᠭ ᠪᠦᠲᠦᠭᠡᠯ ᠢ ᠨᠡᠩ ᠤᠯᠠᠨ ᠡᠭᠦᠳᠴᠦ᠂ ᠰᠣᠶᠣᠯ ᠤᠨ ᠢᠲᠡᠭᠡᠯ ᠪᠠ ᠬᠤᠳᠠ ᠶᠢᠨ ᠣᠮᠣᠭᠰᠢᠯᠲᠤ ᠰᠡᠳᠬᠢᠯᠭᠡ ᠶᠢ ᠵᠤᠵᠠᠭᠠᠳᠬᠠᠵᠤ᠂ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠢ ᠴᠣᠭᠴᠠᠯᠠᠨ᠎ᠠ᠃
     ᠬᠤᠳᠠ ᠶᠢᠨ ᠪᠡᠶ᠎ᠡ ᠶᠢᠨ ᠪᠠᠶᠢᠴᠠᠭᠠᠯᠲᠠ ᠪᠠ ᠬᠤᠳᠠ ᠶᠢᠨ ᠰᠢᠨᠡᠴᠢᠯᠡᠯᠲᠡ ᠶᠢᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠤᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠪᠦᠬᠦ ᠣᠷᠣᠨ ᠤ ᠡᠪᠳᠡᠷᠡᠵᠦ ᠰᠦᠢᠳᠦᠭᠰᠡᠨ 1029 ᠨᠢᠭᠡᠴᠡ ᠶᠢᠨ ᠡᠭᠦᠳᠡ ᠶᠢ ᠰᠣᠯᠢᠵᠤ᠂ 14 ᠲᠦᠮᠡᠨ ᠲᠡᠭᠰᠢ ᠳᠥᠷᠪᠡᠯᠵᠢᠨ ᠮᠧᠲᠷ ᠤᠨ ᠠᠰᠠᠷ ᠤᠨ ᠱᠠᠲᠤ ᠶᠢ ᠥᠩᠭᠡᠯᠡᠵᠦ᠂ 400 ᠭᠠᠷᠤᠢ ᠬᠦᠷᠢᠶᠡᠨ ᠤ ᠳ᠋ᠧᠩ ᠢ ᠰᠣᠯᠢᠵᠤ ᠤᠭᠰᠠᠷᠠᠵᠤ᠂ ᠡᠪᠳᠡᠷᠡᠵᠦ ᠰᠦᠢᠳᠦᠭᠰᠡᠨ 5000 ᠭᠠᠷᠤᠢ ᠲᠡᠭᠰᠢ ᠳᠥᠷᠪᠡᠯᠵᠢᠨ ᠮᠧᠲᠷ ᠤᠨ ᠵᠠᠮ ᠢ ᠵᠠᠰᠠᠨ ᠰᠡᠷᠭᠦᠭᠡᠵᠦ᠂ ᠠᠰᠠᠷ ᠤᠨ ᠵᠠᠮ ᠤᠨ ᠰᠡᠷᠡᠯ ᠤᠨ ᠳ᠋ᠧᠩ ᠢ ᠨᠡᠶᠢᠳᠡᠮ ᠭᠡᠷᠡᠯᠲᠦᠭᠦᠯᠬᠦ ᠢᠨᠵᠧᠨᠧᠷᠢᠩ ᠢ ᠬᠡᠷᠡᠭᠵᠢᠭᠦᠯᠪᠡ᠃ ᠠᠶᠤᠯᠭᠦᠢ ᠪᠠᠷ ᠤᠰᠤ ᠬᠠᠩᠭᠠᠵᠤ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠲᠣᠭᠤᠷᠢᠭ ᠤᠨ ᠬᠡᠰᠡᠭ ᠵᠢᠵᠢᠭ ᠲᠣᠭᠤᠷᠢᠭ ᠤᠨ ᠲᠦᠭᠡᠭᠡᠯ ᠤᠰᠤᠨ ᠤ ᠬᠤᠭᠤᠯᠠᠢ ᠶᠢ ᠰᠣᠯᠢᠵᠤ᠂ ᠰᠢᠭᠤᠳ ᠤᠤᠭᠤᠬᠤ ᠤᠰᠤ ᠶᠢ ᠡᠷᠦᠬᠡ ᠳᠤ ᠣᠷᠣᠭᠤᠯᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ 566 ᠡᠷᠦᠬᠡ ᠰᠠᠭᠤᠭᠠᠯᠢ ᠠᠷᠠᠳ᠂ 176 ᠡᠷᠦᠬᠡ ᠶᠢᠨ ᠰᠠᠭᠤᠷᠢ ᠳᠡᠯᠭᠡᠭᠦᠷ ᠲᠤ ᠠᠰᠢᠭ ᠬᠦᠷᠲᠡᠭᠡᠪᠡ᠃ 100 ᠭᠠᠷᠤᠢ ᠲᠦᠮᠡᠨ ᠲᠥᠭᠦᠷᠢᠭ ᠣᠷᠣᠭᠤᠯᠵᠤ᠂ ︽ᠵᠣᠷᠯᠣᠩ ᠤᠨ ᠬᠤᠪᠢᠰᠬᠠᠯ︾᠎ ᠤᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠦᠨ᠂ ᠭᠠᠯᠲᠤ ᠲᠡᠷᠭᠡᠨ ᠤ ᠥᠷᠲᠡᠭᠡ ᠪᠠ ᠭᠤᠷᠪᠠᠳᠤᠭᠠᠷ ᠵᠡᠭᠡᠯᠢ ᠭᠤᠳᠤᠮᠵᠢ ᠳᠤ ᠬᠤᠶᠠᠷ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠶᠢ ᠰᠢᠨ᠎ᠡ ᠪᠠᠷ ᠪᠠᠶᠢᠭᠤᠯᠪᠠ᠃ ᠭᠠᠯ ᠤᠨᠲᠠᠷᠠᠭᠠᠬᠤ ᠳᠠᠯᠳᠠ ᠬᠡᠮ ᠢ ᠴᠡᠭᠴᠡᠯᠡᠨ ᠵᠠᠰᠠᠬᠤ᠂ ᠥᠮᠴᠢᠯᠡᠬᠦ ᠡᠷᠬᠡ ᠶᠢ ᠭᠦᠢᠴᠡᠳᠬᠡᠬᠦ᠂ ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠬᠤ ᠭᠤᠷᠪᠠᠨ ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳ᠋ᠣᠣ ᠾᠧᠩ ᠬᠤᠳᠠᠯᠳᠤᠭᠠᠨ ᠤ ᠲᠠᠯᠠᠪᠠᠶ ᠶᠢ ᠠᠮᠢᠳᠤᠯᠢᠭ ᠪᠣᠯᠭᠠᠬᠤ ᠶᠢ ᠲᠦᠷᠭᠡᠳᠬᠡᠨ᠎ᠡ᠃ ︽ᠳᠤᠯᠠᠭᠠᠯᠠᠬᠤ ᠢᠨᠵᠧᠨᠧᠷᠢᠩ︾᠎ ᠢ ᠶᠡᠬᠡᠪᠡᠷ ᠬᠡᠷᠡᠭᠵᠢᠭᠦᠯᠵᠦ᠂ ᠬᠡᠰᠡᠭ ᠬᠠᠭᠤᠴᠢᠨ ᠵᠢᠵᠢᠭ ᠲᠣᠭᠤᠷᠢᠭ ᠤᠨ 14 ᠲᠦᠮᠡ ᠭᠠᠷᠤᠢ ᠲᠡᠭᠰᠢ ᠳᠥᠷᠪᠡᠯᠵᠢᠨ ᠮᠧᠲᠷ ᠤᠨ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠲᠠᠯ᠎ᠠ ᠪᠠᠷ ᠡᠨᠧᠷᠭᠢ ᠠᠷᠪᠢᠯᠠᠬᠤ ᠥᠭᠡᠷᠡᠴᠢᠯᠡᠯᠲᠡ ᠬᠢᠪᠡ᠃ ᠬᠤᠶᠠᠳᠠᠭᠢ ᠤᠳᠠᠭᠠᠨ ᠤ ᠬᠤᠭᠤᠯᠠᠢ ᠶᠢᠨ ᠲᠣᠣᠷ ᠤᠨ ︽ᠡᠪᠦᠯ ᠤᠨ ᠡᠪᠡᠳᠴᠢᠨ ᠢ ᠵᠣᠨ ᠵᠠᠰᠠᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠥᠬᠦ ᠬᠦᠴᠦᠨ ᠢᠶᠠᠷ ᠢᠶᠠᠨ ᠳᠤᠯᠠᠭᠠᠯᠠᠭ᠎ᠠ ᠶᠢ ᠭᠦᠢᠴᠡᠳ ᠰᠠᠶᠢᠨ ᠬᠠᠩᠭᠠᠨ᠎ᠠ᠃ ᠡᠭᠦᠨ ᠤ ᠬᠠᠮᠲᠤ ᠠᠷᠠᠳ ᠤᠨ ᠡᠵᠡᠩᠨᠡᠯᠲᠡ ᠶᠢᠨ ᠳᠤᠯᠠᠭᠠᠯᠭ᠎ᠠ ᠶᠢᠨ ᠠᠵᠤ ᠠᠬᠤᠶᠢᠯᠠᠯ ᠤᠨ ᠨᠥᠬᠦᠪᠦᠷᠢ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠠᠷᠢᠯᠢᠭ ᠣᠨᠣᠴᠠᠲᠠᠢ ᠪᠠᠷ ᠢᠯᠴᠢ ᠬᠠᠩᠭᠠᠬᠤ᠂ ᠬᠡᠷᠡᠭᠴᠡᠭᠡ ᠪᠠᠷ ᠨᠢ ᠢᠯᠴᠢ ᠬᠠᠩᠭᠠᠬᠤ ᠰᠢᠨ᠎ᠡ ᠬᠡᠯᠪᠡᠷᠢ ᠶᠢᠨ ᠣᠶᠤᠨᠴᠢ ᠳᠤᠯᠠᠭᠠᠯᠭ᠎ᠠ ᠶᠢᠨ ᠵᠠᠭᠪᠤᠷ ᠢ ᠰᠦᠪᠡᠭᠴᠢᠯᠡᠨ ᠪᠠᠶᠢᠭᠤᠯᠵᠤ᠂ ᠪᠥᠬᠦ ᠣᠷᠣᠨ ᠤ ᠰᠠᠭᠤᠭᠠᠯᠢ ᠠᠷᠠᠳ ᠢ ᠬᠠᠯᠠᠭᠤᠨ ᠳᠤᠯᠠᠭᠠᠨ ᠪᠠᠶᠢᠯᠭᠠᠵᠤ᠂ ᠬᠡᠵᠢᠶᠡᠳᠡ ᠨᠡᠷᠡᠨ ᠤ ᠬᠡᠷᠡᠯ ᠢ ᠡᠳ᠋ᠯᠡᠭᠦᠯᠬᠦ ᠪᠠᠷ ᠴᠢᠷᠮᠠᠶᠢᠨ᠎ᠠ᠃      ︽ᠭᠤᠷᠪᠠᠨ ᠳᠠᠷᠤᠭ᠎ᠠ ᠶᠢᠨ ᠳᠦᠷᠢᠮ︾ ︽ᠲᠣᠥᠷᠵᠢᠭᠤᠯᠤᠭᠰᠠᠨ︾ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠶᠢ ᠳᠤᠷ᠎ᠠ ᠪᠠᠷ ᠢᠶᠠᠨ ᠵᠣᠭᠰᠤᠭᠠᠬᠤ ᠪᠠ ᠰᠢᠨ᠎ᠡ ᠨᠢᠭᠡ ᠡᠭᠡᠯᠵᠢ ᠶᠢᠨ ᠬᠠᠤᠯᠢ  ᠎ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠵᠦ ᠠᠷᠠᠳ ᠲᠤ ᠲᠥᠬᠦᠮ ᠦᠵᠡᠭᠦᠯᠬᠦ 2 ᠵᠠᠬ᠎ᠠ ᠳᠡᠯᠭᠡᠭᠦᠷ ᠢ ᠪᠠᠶᠢᠭᠤᠯᠵᠤ᠂ ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ ᠬᠡᠯᠪᠡᠷᠢ ᠪᠠᠷ ᠳᠠᠮᠵᠢᠭᠤᠯᠤᠨ᠂ 20 ᠵᠢᠵᠢᠭ ᠢᠳᠡᠭᠡᠨ ᠤᠮᠳᠠᠭᠠᠨ᠂ ᠵᠢᠵᠢᠭ ᠦᠢᠯᠡᠳᠬᠡᠯ ᠤᠨ ᠭᠠᠵᠠᠷ ᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠲᠠᠰ ᠤᠨ ᠪᠠᠷᠢᠮᠵᠢᠶ᠎ᠠ ᠳᠤ ᠬᠥᠷᠪᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠶᠡᠬᠡᠪᠡᠷ ᠲᠦᠯᠬᠢᠨ ᠠᠬᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ︽ᠬᠤᠪᠢᠰᠬᠠᠯᠲᠤ ᠠᠳᠠᠯ ᠠᠬᠤᠢ︾᠎ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠡᠶᠢᠭᠡᠮ ᠲᠣᠭᠤᠷᠢᠭ ᠤᠨ ᠠᠵᠢᠯᠯᠠᠭ᠎ᠠ ᠶᠢᠨ ︽ᠬᠤᠪᠢ ᠬᠤᠷᠠᠮᠳᠤᠭᠤᠯᠬᠤ ᠳᠦᠷᠢᠮ︾᠎ ᠤᠨ ᠰᠢᠰᠲ᠋ᠧᠮᠵᠢ ᠶᠢᠨ ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠨᠠᠩ ᠣᠯᠠᠨ ᠰᠠᠭᠤᠭᠠᠯᠢ ᠠᠷᠠᠳ ᠢ ᠨᠡᠶᠢᠭᠡᠮ ᠤᠨ ᠵᠠᠰᠠᠯᠲᠠ ᠳᠤ ᠣᠷᠣᠯᠴᠠᠭᠤᠯᠵᠤ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ ᠂ ᠰᠢᠨ᠎ᠡ ᠨᠢᠭᠡ ᠡᠭᠡᠯᠵᠢ ᠶᠢᠨ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠬᠦ ᠠᠵᠢᠯ ᠢ ᠪᠡᠶᠡᠯᠡᠭᠦᠯᠦᠨ᠎ᠡ᠃ ᠪᠥᠬᠦ ᠣᠷᠣᠨ ᠤ ᠶᠡᠷᠦᠩᠬᠡᠶᠢᠯᠡᠭᠰᠡᠨ ᠬᠤᠭᠤᠯᠠᠢ ᠱᠤᠭᠤᠮ ᠤᠨ ᠬᠤᠭᠤᠯᠠᠢ ᠱᠤᠭᠤᠮ ᠤᠨ ᠲᠤᠰᠬᠠᠢ ᠵᠦᠢᠯ ᠤᠨ ᠲᠥᠯᠦᠪᠵᠢᠭᠦᠯᠭᠡ ᠶᠢ ᠲᠦᠷᠭᠡᠳᠬᠡᠨ ᠨᠠᠶᠢᠷᠠᠭᠤᠯᠤᠨ ᠵᠣᠬᠢᠶᠠᠵᠤ᠂ ᠡᠯ᠎ᠡ ᠲᠥᠷᠥᠯ ᠤᠨ ᠬᠤᠲᠠ ᠶᠢᠨ ᠶᠠᠪᠤᠳᠠᠯ ᠤᠨ ᠬᠤᠭᠤᠯᠠᠢ ᠱᠤᠭᠤᠮ ᠤᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠪᠠ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠤᠭᠤᠯᠠᠢ ᠱᠤᠭᠤᠮ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠰᠠᠭᠤᠷᠢ ᠶᠢ ᠪᠠᠲᠤ ᠪᠠᠬᠢ ᠪᠠᠶᠢᠭᠤᠯᠤᠨ᠂ ᠬᠤᠲᠠ ᠶᠢᠨ ᠴᠢᠳᠠᠮᠵᠢ ᠶᠢ ᠨᠠᠩ ᠪᠦᠷᠢᠨ ᠭᠦᠢᠴᠡᠳ᠂ ᠪᠠᠶᠢᠷᠢᠰᠢᠭᠤᠯᠤᠯᠲᠠ ᠶᠢ ᠨᠠᠩ ᠵᠦᠢ ᠵᠣᠬᠢᠰᠲᠠᠢ᠂ ᠠᠭᠤᠯᠤᠭᠳᠠᠬᠤᠨ ᠢ ᠨᠠᠩ ᠡᠯᠪᠡᠭ ᠪᠠᠶᠠᠯᠢᠭ ᠪᠣᠯᠭᠠᠬᠤ ᠶᠢ ᠦᠨᠡᠨᠬᠦ ᠪᠠᠲᠤᠯᠠᠨ᠎ᠠ᠃      ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠡᠭᠷᠢ ᠨᠢ ᠴᠡᠯᠮᠡᠭ᠂ ᠭᠠᠵᠠᠷ ᠨᠢ ᠨᠣᠭᠤᠭᠠᠨ᠂ ᠤᠰᠤ ᠎ ᠨᠢ ᠲᠤᠩᠭᠠᠯᠠᠭ ᠦᠵᠡᠰᠬᠦᠯᠡᠩᠲᠦ ᠰᠠᠶᠢᠬᠠᠨ ᠴᠠᠭᠠᠨ ᠡᠭᠦᠯᠡ ᠶᠢ ᠴᠢᠷᠮᠠᠶᠢᠨ ᠴᠣᠭᠴᠠᠯᠠᠨ᠎ᠠ᠃ ᠮᠠᠨ ᠤ ᠣᠷᠣᠨ ᠤ ︽ᠭᠤᠷᠪᠠᠨ ᠭᠠᠵᠠᠷ ᠨᠢᠭᠡ ᠴᠡᠭ᠂ ᠬᠤᠶᠠᠷ ᠬᠦᠷᠢᠶᠡᠯᠡᠩ ᠳᠥᠷᠪᠡᠨ ᠲᠣᠭᠤᠷᠢᠭ︾᠎ ᠤᠨ ᠪᠦᠲᠦᠭᠡᠨ ᠪᠠᠶᠢᠭᠤᠯᠤᠯᠲᠠ ᠪᠠ ᠴᠢᠬᠤᠯᠠ ᠶᠡᠭᠡ ᠲᠥᠷᠥᠯ ᠵᠦᠢᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠵᠡᠷᠭᠡ ᠠᠵᠢᠯ ᠤᠨ ᠲᠣᠬᠢᠷᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠣᠳᠠᠲᠠᠢ ᠲᠠᠢ ᠤᠶᠠᠯᠳᠤᠭᠤᠯᠤᠨ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠣᠶ ᠰᠢᠭᠤᠢ ᠶᠢᠨ ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ︽ᠳᠡᠭᠡᠳᠦ᠂ ᠰᠢᠨ᠎ᠡ᠂ ᠣᠶᠤᠨ ᠤ᠂ ᠨᠣᠭᠤᠭᠠᠨ︾᠎ ᠢᠶᠠᠷ ᠴᠢᠭᠯᠡᠯ ᠪᠣᠯᠭᠠᠵᠤ᠂ ᠥᠩᠭᠡ ᠦᠵᠡᠮᠵᠢ ᠤᠰᠤᠲᠥ᠋ᠷᠥᠭᠴᠢ ᠪᠠᠷ ᠬᠠᠳᠠᠭᠠᠯᠠᠬᠤ ᠠᠵᠤ ᠦᠢᠯᠡᠰ ᠢ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ᠂ ᠭᠠᠵᠠᠷ ᠰᠢᠷᠣᠢ ᠶᠢ ᠡᠷᠴᠢᠮᠵᠢᠭᠦᠯᠦᠨ ᠠᠰᠢᠭᠯᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠠᠶᠤᠯᠲᠠᠢ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠯᠤᠭ᠎ᠠ ᠵᠡᠷᠭᠡ ᠳᠤᠨᠢ ᠬᠥᠭᠵᠢᠭᠦᠯᠬᠦ ᠶᠢ ᠠᠬᠢᠭᠤᠯᠤᠨ᠎ᠠ᠃ ᠪᠠᠢ ᠶᠦᠨ ᠲᠡᠮᠦᠷ ᠤᠨ ᠠᠭᠤᠷᠬᠠᠢ ᠶᠢᠨ ᠠᠭᠤᠷᠬᠠᠢ ᠶᠢ ᠰᠡᠷᠭᠦᠭᠡᠨ ᠵᠠᠰᠠᠬᠤ᠂ ᠦᠢᠯᠡᠳᠪᠦᠷᠢ ᠶᠢᠨ ᠲᠣᠭᠤᠷᠢᠭ ᠢ ᠨᠣᠭᠤᠭᠠᠷᠠᠭᠤᠯᠬᠤ᠂ ᠠᠭᠤᠷᠬᠠᠢ ᠶᠢᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠵᠡᠷᠭᠡ ᠠᠵᠢᠯ ᠢ ᠦᠷᠭᠦᠯᠵᠢᠯᠡᠨ ᠥᠷᠨᠢᠭᠦᠯᠬᠦ ᠶᠢ ᠢᠳᠡᠪᠬᠢᠲᠡᠢ ᠳᠡᠮᠵᠢᠵᠦ᠂ ᠤᠯᠤᠰ ᠤᠨ ᠲᠠᠰ ᠤᠨ ᠪᠣᠬᠢᠷᠲᠤᠯ ᠦᠭᠡᠢ ᠠᠭᠤᠷᠬᠠᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ᠎ᠡ᠃ ︽ᠠᠮᠢ ᠠᠬᠤᠢ + ᠰᠣᠶᠣᠯ ᠤᠨ ᠵᠢᠭᠤᠯᠴᠢᠯᠠᠯ + ᠠᠷᠠᠳ ᠤᠨ ᠠᠮᠢᠳᠤᠷᠠᠯ︾᠎ ᠤᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠳᠤᠮᠳᠠᠳᠤ ᠷᠦᠨ ᠱᠢ ᠬᠤᠶ ᠰᠣᠶᠣᠯ ᠤᠨ ᠵᠢᠭᠤᠯᠴᠢᠯᠠᠯ ᠤᠨ ᠠᠮᠢ ᠠᠬᠤᠢ ᠶᠢᠨ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠶᠢᠨ ᠵᠢᠱᠢᠶ᠎ᠡ ᠦᠵᠡᠭᠦᠯᠬᠦ ᠴᠢᠭ᠋ ᠢ ᠪᠣᠶ ᠪᠣᠯᠭᠠᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号