ᠰᠢᠶᠠᠩ ᠶᠦᠨ ᠨᠡᠶᠢᠭᠡᠮ ᠲᠣᠭᠤᠷᠢᠭ ︽ᠤᠷᠮ᠎ᠠ ᠰᠡᠳᠬᠢᠯᠭᠡ ᠶᠢ ᠢᠯᠭᠠᠨ ᠲᠠᠨᠢᠬᠤ︾ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2024/2/23
     ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠵᠤ ᠂ ᠰᠠᠭᠤᠭᠠᠯᠢ ᠠᠷᠠᠳ ᠢ ᠬᠠᠪᠰᠤᠷᠤᠨ ᠰᠠᠶᠢᠨ ᠰᠠᠶᠢᠬᠠᠨ ᠰᠡᠳᠬᠢᠴᠡ ᠶᠢᠨ ᠡᠷᠡᠭᠦᠯ ᠮᠡᠨᠳᠦ ᠶᠢᠨ ᠤᠬᠠᠮᠰᠠᠷ ᠢ ᠪᠣᠶ ᠪᠣᠯᠭᠠᠵᠤ᠂ ᠠᠵᠢᠯ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠦᠨ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠰᠠᠶᠢᠨ ᠰᠠᠶᠢᠬᠠᠨ ᠰᠡᠳᠬᠢᠴᠡ ᠶᠢᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 21᠎ ᠤ ᠡᠳᠦᠷ᠂ ᠰᠢᠶᠠᠩ ᠶᠦᠨ ᠨᠡᠶᠢᠭᠡᠮ ᠲᠣᠭᠤᠷᠢᠭ ᠤᠨ ᠎ ᠬᠢᠨ ︽ᠤᠷᠮ᠎ᠠ ᠰᠡᠳᠬᠢᠯᠭᠡ ᠶᠢ ᠢᠯᠭᠠᠨ ᠲᠠᠨᠢᠬᠤ︾ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠬᠢᠪᠡ᠃
     ᠲᠠᠶᠢᠯᠤᠮᠵᠢ ᠳᠤ᠂ ᠭᠤᠣᠯᠯᠠᠨ ᠶᠠᠷᠢᠭᠴᠢ ᠠᠮᠢᠳᠤᠯᠢᠭ ᠰᠣᠨᠢᠷᠬᠠᠯᠲᠠᠢ ᠬᠡᠷᠡᠭ ᠤᠨ ᠵᠢᠱᠢᠶ᠎ᠡ ᠪᠠ ᠣᠶᠢᠯᠠᠭᠠᠮᠵᠢᠲᠠᠢ ᠦᠭᠡ ᠬᠡᠯᠡ ᠪᠠᠷ ᠰᠡᠳᠬᠢᠴᠡ ᠶᠢᠨ ᠡᠷᠡᠭᠦᠯ ᠮᠡᠨᠳᠦ ᠶᠢᠨ ᠴᠢᠬᠤᠯᠠ ᠴᠢᠨᠠᠷ ᠵᠢᠴᠢ ᠪᠠᠶᠢᠩᠭᠤ ᠲᠣᠬᠢᠶᠠᠯᠳᠤᠳᠠᠭ ᠰᠡᠳᠬᠢᠴᠡ ᠶᠢᠨ ᠠᠰᠠᠭᠤᠳᠠᠯ ᠢ ᠲᠠᠨᠢᠯᠴᠠᠭᠤᠯᠵᠤ᠂ ᠣᠯᠠᠨ ᠳᠤ ᠰᠡᠳᠬᠢᠴᠡ ᠶᠢᠨ ᠡᠷᠡᠭᠦᠯ ᠮᠡᠨᠳᠦ ᠶᠢᠨ ᠲᠤᠬᠠᠢ ᠨᠠᠩ ᠭᠦᠨᠵᠡᠭᠡᠢ ᠣᠶᠢᠯᠠᠭᠠᠯᠲᠠ ᠲᠠᠢ ᠪᠣᠯᠭᠠᠵᠠᠢ᠃ ᠤᠯᠠᠨ ᠢᠶᠠᠷ ᠢᠶᠠᠨ ᠢᠳᠡᠪᠬᠢᠲᠡᠢ ᠣᠷᠣᠯᠴᠠᠵᠤ᠂ ᠠᠰᠠᠭᠤᠯᠲᠠ ᠳᠤᠷᠠᠳᠤᠭᠰᠠᠨ ᠪᠥᠭᠡᠳ ᠥᠪᠡᠷ ᠤᠨ ᠲᠤᠷᠰᠢᠯᠭ᠎ᠠ ᠪᠠᠨ ᠬᠤᠪᠢᠶᠠᠯᠴᠠᠵᠤ᠂ ᠭᠤᠣᠯ ᠶᠠᠷᠢᠭᠴᠢ ᠠᠴᠠ ᠬᠦᠯᠢᠴᠡᠩᠭᠦᠢ ᠪᠠᠷ ᠠᠰᠠᠭᠤᠯᠲᠠ ᠶᠢ ᠬᠠᠷᠢᠭᠤᠯᠬᠤ ᠶᠢᠨ ᠬᠠᠮᠲᠤ ᠲᠤᠰᠬᠠᠢ ᠮᠡᠷᠭᠡᠵᠢᠯ ᠤᠨ ᠰᠠᠨᠠᠭᠤᠯᠭ᠎ᠠ ᠪᠠ ᠵᠢᠯᠣᠭᠤᠳᠤᠯᠭ᠎ᠠ ᠥᠭᠭᠦᠭᠰᠡᠨ ᠪᠠᠶᠢᠨ᠎ᠠ᠃ ᠠᠵᠢᠯᠯᠠᠭ᠎ᠠ ᠶᠢᠨ ᠡᠴᠦᠰ ᠲᠤ ᠠᠵᠢᠯᠲᠠᠳ ᠠᠴᠠ ᠤᠬᠠᠭᠤᠯᠭ᠎ᠠ ᠶᠢᠨ ᠳᠡᠪᠲᠡᠷ ᠢ ᠤᠯᠠᠨ ᠳᠤ ᠲᠠᠷᠬᠠᠭᠠᠪᠠ᠃
      ᠡᠨᠡ ᠤᠳᠠᠭᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠰᠠᠭᠤᠭᠠᠯᠢ ᠠᠷᠠᠳ ᠢ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠲᠤᠬᠠᠢ ᠨᠡᠩ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ ᠪᠣᠯᠭᠠᠭᠰᠠᠨ ᠢᠶᠠᠷ ᠪᠠᠷᠠᠬᠤ ᠦᠭᠡᠢ᠂ ᠪᠣᠳᠠᠲᠤ ᠬᠡᠷᠡᠭᠯᠡᠭᠡᠨ ᠤ ᠮᠡᠳᠡᠯᠭᠡ ᠪᠠ ᠤᠷ᠎ᠠ ᠴᠢᠳᠠᠪᠤᠷᠢ ᠲᠠᠢ ᠪᠣᠯᠤᠭᠰᠠᠨ ᠮᠥᠷᠲᠡᠭᠡᠨ ᠪᠠᠰᠠ ᠥᠪᠡᠷ ᠤᠨ ᠪᠡᠶ᠎ᠡ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠲᠤᠬᠠᠢ ᠠᠩᠬᠠᠷᠤᠯ ᠢᠶᠠᠨ ᠴᠢᠩᠭᠠᠳᠬᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠡᠳᠬᠢᠴᠡ ᠶᠢᠨ ᠡᠷᠡᠭᠦᠯ ᠮᠡᠨᠳᠦ ᠳᠤ ᠲᠤᠬᠠᠢ ᠶᠢᠨ ᠭᠠᠵᠠᠷ ᠲᠤᠨᠢ ᠬᠠᠷᠢᠯᠴᠠᠨ ᠬᠥᠳᠡᠯᠦᠯᠴᠡᠬᠦ᠂ ᠬᠠᠯᠠᠭᠤᠨ ᠳᠣᠲᠣᠨᠣ ᠪᠠᠷ ᠦᠢᠯᠡᠴᠢᠯᠡᠬᠦ ᠲᠠᠪᠴᠠᠩ ᠪᠠᠶᠢᠭᠤᠯᠵᠤ᠂ ᠡᠳᠦᠷ ᠲᠤᠲᠤᠮ ᠤᠨ ᠰᠡᠳᠬᠢᠴᠡ ᠶᠢᠨ ᠡᠷᠡᠭᠦᠯᠵᠢᠯ ᠪᠠ ᠭᠡᠷ ᠪᠦᠯᠢ ᠶᠢᠨ ᠡᠶ᠎ᠡ ᠵᠣᠬᠢᠴᠠᠯ ᠳᠤ ᠮᠠᠰᠢ ᠰᠠᠶᠢᠨ ᠵᠢᠯᠤᠭᠤᠳᠬᠤ ᠦᠢᠯᠡᠳᠦᠯ ᠦᠵᠡᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠤᠭᠰᠠᠨ ᠪᠠᠶᠢᠨ᠎ᠠ᠃
 
ᠢᠷᠡᠯᠲᠡ᠄ ᠰᠢᠶᠠᠩ ᠶᠦᠨ ᠨᠡᠶᠢᠭᠡᠮ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号