ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠤ ᠪᠠᠶ᠋ᠬᠤᠪᠤᠭ᠎ᠠ ᠠᠭᠤᠷᠬᠠᠢ ᠶᠢᠨ ᠣᠷᠣᠨ ᠤ ︽ᠬᠠᠪᠤᠷ ᠤᠨ ᠰᠠᠯᠬᠢᠨ ᠤ ᠠᠵᠢᠯᠯᠠᠭ᠎ᠠ︾᠎ ᠶᠢᠨ ᠴᠠᠭᠠᠨ ᠰᠠᠷ᠎ᠠ ᠶᠢ ᠤᠭᠲᠤᠬᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠲᠠᠨ ᠡᠯᠰᠡᠬᠦ ᠲᠤᠰᠬᠠᠢ ᠴᠤᠭᠯᠠᠭᠠᠨ ᠢ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2024/2/26
      ︽ᠪᠠᠶᠠᠨ᠋ᠣ᠋ᠪᠣᠭ᠎ᠠ ᠠᠭᠤᠷᠬᠠᠢ  ᠎ ᠶᠢᠨ ᠣᠷᠣᠨ ᠤ ᠠᠵᠤ ᠠᠬᠤᠶᠢᠯᠠᠯ ᠤᠨ ᠴᠠᠯᠢᠩ ᠬᠥᠯᠥᠰᠦ ᠪᠣᠯᠣᠨ ᠣᠯᠭᠤᠮᠵᠢ ᠬᠠᠷᠠᠭᠠᠯᠵᠠᠯ ᠨᠢ ᠴᠥᠮ ᠵᠦᠭᠡᠷ ᠪᠠᠶᠢᠨ᠎ᠠ᠂ ᠡᠨᠡ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠬᠠᠩᠭᠠᠭᠰᠠᠨ ᠠᠵᠢᠯ ᠤᠨ ᠪᠠᠶᠢᠷᠢ ᠨᠢ ᠮᠢᠨᠤ ᠵᠢᠱᠢᠭᠰᠡᠨ ᠲᠠᠢ ᠦᠨᠳᠦᠰᠦᠨ ᠳᠡᠭᠡᠨ ᠨᠡᠶᠢᠴᠡᠵᠦ ᠪᠠᠶᠢᠨ᠎ᠠ᠂ ᠪᠢ ᠨᠠᠶᠢᠵᠠ ᠳᠠᠭᠠᠨ ᠲᠦᠷᠭᠡᠬᠡᠨ ᠬᠡᠯᠡᠵᠦ ᠥᠭᠭᠦᠭᠡᠳ ᠲᠡᠳᠡᠨ  ᠎ ᠢ ᠪᠠᠰᠠ ᠢᠷᠡᠵᠦ ᠦᠵᠡᠭᠦᠯᠦᠶ᠎ᠡ︾ ᠭᠡᠵᠡᠢ᠃ ᠠᠵᠢᠯ ᠡᠷᠢᠭᠴᠢ ᠰᠢᠶᠣᠣ ᠴᠢ ᠠᠵᠢᠯᠲᠠᠨ ᠡᠯᠰᠡᠬᠦ ᠮᠡᠳᠡᠭᠡ  ᠎ ᠶᠢ ᠦᠵᠡᠬᠦ  ᠎ ᠶᠢᠨ ᠵᠡᠷᠭᠡ ᠳᠤ ᠬᠡᠯᠡᠪᠡ᠃
    ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ︽2024 ᠣᠨ ᠤ ᠬᠠᠪᠤᠷ ᠤᠨ ᠰᠠᠯᠬᠢᠨ ᠤ ᠠᠵᠢᠯᠯᠠᠭ᠎ᠠ ᠵᠢᠴᠢ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾᠎ ᠶᠢᠨ ᠲᠤᠰᠬᠠᠢ ᠦᠢᠯᠡᠴᠢᠯᠡᠭᠡᠨ ᠤ ᠠᠵᠢᠯᠯᠠᠭ᠎ᠠ ᠶᠢᠨ ᠱᠠᠭᠠᠷᠳᠠᠯᠭ᠎ᠠ  ᠶᠢ ᠪᠦᠬᠦ ᠲᠠᠯ᠎ᠠ  ᠪᠠᠷ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯᠴᠢᠨ ᠬᠡᠷᠡᠭᠯᠡᠬᠦ ᠶᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ 2 ᠳ᠋ᠤᠭᠠᠷ ᠰᠠᠷ᠎ᠠ ᠶᠢᠨ 22᠎ ᠤᠨ ᠡᠳᠦᠷ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠣᠷᠣᠨ ᠤ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠲᠤ ᠬᠠᠪᠤᠷ ᠤᠨ ᠰᠠᠯᠬᠢᠨ ᠢᠶᠠᠷ ᠠᠵᠢᠯ ᠤᠨ ᠪᠠᠶᠢᠷᠢ ᠬᠦᠷᠭᠡᠵᠦ ᠠᠵᠢᠯ ᠣᠯᠭᠤᠯᠲᠠ ᠶᠢ ᠠᠬᠢᠭᠤᠯᠬᠤ · ᠨᠠᠷᠢᠯᠢᠭ ᠣᠨᠣᠴᠠᠲᠠᠢ ᠪᠠᠷ ᠦᠢᠯᠡᠴᠢᠯᠡᠨ ᠬᠥᠭᠵᠢᠯᠲᠡ ᠶᠢ ᠲᠤᠰᠠᠯᠠᠬᠤ ︱ 2024 ᠣᠨ ᠤ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ︽ᠬᠠᠪᠤᠷ ᠤᠨ ᠰᠠᠯᠬᠢᠨ ᠤ ᠠᠵᠢᠯᠯᠠᠭ᠎ᠠ︾᠎ ᠶᠢᠨ ᠴᠠᠭᠠᠨ ᠰᠠᠷ᠎ᠠ ᠶᠢ ᠤᠭᠲᠤᠬᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠲᠠᠨ ᠡᠯᠰᠡᠬᠦ ᠲᠤᠰᠬᠠᠢ ᠴᠤᠭᠯᠠᠭᠠᠨ ᠢ ᠠᠮᠵᠢᠯᠲᠠ ᠲᠠᠢ ᠡᠷᠭᠢᠯᠡᠪᠡ᠃ ᠠᠵᠢᠯᠲᠠᠨ ᠡᠯᠰᠡᠬᠦ ᠴᠤᠭᠯᠠᠭᠠᠨ ᠨᠢ ᠠᠵᠢᠯ ᠡᠷᠢᠭᠰᠡᠳ ᠲᠤ ᠡᠯ᠎ᠡ ᠲᠥᠷᠥᠯ ᠤᠨ ᠰᠢᠯᠢᠳᠡᠭ ᠠᠵᠢᠯ ᠤᠨ ᠪᠠᠶᠢᠷᠢ ᠪᠣᠯᠣᠨ ᠠᠵᠢᠯ ᠤᠨ ᠲᠣᠬᠢᠶᠠᠯ ᠣᠯᠭᠤᠵᠤ᠂ ᠠᠬᠤᠢ ᠲᠠᠯᠠᠪᠠᠶ  ᠎ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ 100 ᠰᠢᠬᠠᠮ ᠠᠵᠢᠯ ᠡᠷᠢᠭᠰᠡᠳ  ᠎ ᠢ ᠬᠥᠳᠡᠯᠮᠦᠷᠢ  ᠎ ᠶᠢᠨ ᠬᠦᠴᠦᠨ ᠤ ᠵᠠᠬ᠎ᠠ ᠳᠡᠯᠭᠡᠭᠦᠷ ᠲᠤ ᠲᠡᠳᠡᠨ ᠣᠷᠣᠭᠤᠯᠤᠭᠰᠠᠨ ᠪᠠᠶᠢᠨ᠎ᠠ᠃
    ᠠᠵᠢᠯᠲᠠᠨ ᠡᠯᠰᠡᠬᠦ ᠬᠤᠷᠠᠯ  ᠎ ᠠᠴᠠ ᠡᠮᠦᠨ᠎ᠡ᠂ ᠠᠵᠢᠯᠲᠠᠳ ᠠᠵᠢᠯᠴᠢᠨ ᠬᠡᠷᠡᠭᠯᠡᠬᠦ ᠠᠵᠤ ᠠᠬᠤᠶᠢᠯᠠᠯ ᠲᠠᠢ ᠢᠳᠡᠪᠬᠢᠲᠡᠢ ᠬᠠᠷᠢᠯᠴᠠᠵᠤ᠂ ᠠᠵᠢᠯ ᠤᠨ ᠪᠠᠶᠢᠷᠢ  ᠎ ᠶᠢᠨ ᠮᠡᠳᠡᠭᠡ ᠵᠠᠩᠭᠢ  ᠎ ᠶᠢ ᠴᠤᠭᠯᠠᠭᠤᠯᠤᠨ᠂ ᠠᠵᠢᠯᠲᠠᠨ ᠡᠯᠰᠡᠬᠦ ᠦᠵᠡᠭᠦᠯᠦᠯᠭᠡ  ᠎ ᠶᠢᠨ ᠵᠢᠶᠠᠰᠠ  ᠎ ᠶᠢ ᠨᠢᠭᠡᠳᠦᠯᠲᠡᠢ ᠵᠣᠬᠢᠶᠠᠵᠤ᠂ ᠤᠬᠠᠭᠤᠯᠬᠤ ᠮᠠᠲ᠋ᠧᠷᠢᠶᠠᠯ  ᠎ ᠢ ᠳᠠᠷᠤᠮᠠᠯᠯᠠᠵᠠᠢ᠃ ᠠᠵᠢᠯᠯᠠᠭ᠎ᠠ  ᠎ ᠶᠢᠨ ᠳᠤᠮᠳᠠ ᠠᠵᠢᠯᠲᠠᠳ ᠣᠷᠣᠯᠴᠠᠭᠰᠠᠨ ᠣᠯᠠᠨ ᠲᠦᠮᠡᠨ ᠳᠤ ᠡᠯ᠎ᠡ ᠲᠥᠷᠥᠯ ᠤᠨ ᠠᠵᠢᠯ ᠣᠯᠭᠤᠯᠲᠠ  ᠎ ᠶᠢᠨ ᠲᠤᠰᠠᠯᠠᠮᠵᠢ  ᠎ ᠶᠢᠨ ᠲᠥᠷᠥ  ᠎ ᠶᠢᠨ ᠪᠣᠳᠣᠯᠭ᠎ᠠ  ᠎ ᠶᠢ ᠨᠠᠷᠢᠨ ᠲᠠᠨᠢᠯᠴᠠᠭᠤᠯᠤᠭᠰᠠᠨ ᠪᠥᠭᠡᠳ ᠣᠯᠠᠨ ᠲᠦᠮᠡᠨ  ᠎ ᠢ ᠬᠥᠲᠥᠯᠥᠨ ᠵᠢᠯᠤᠭᠤᠳᠴᠤ ᠪᠠᠶᠢᠭᠠᠳ ᠬᠤᠷᠠᠯ ᠤᠨ ᠲᠠᠯᠠᠪᠠᠶ ᠳᠠᠬᠢ ᠠᠵᠢᠯᠲᠠᠨ ᠡᠯᠰᠡᠬᠦ ᠮᠡᠳᠡᠭᠡ ᠵᠠᠩᠭᠢ  ᠎ ᠶᠢ ᠦᠵᠡᠭᠦᠯᠵᠦ᠂ ᠥᠪᠡᠷ ᠤᠨ ᠪᠡᠶ᠎ᠡ ᠳᠡᠭᠡᠨ ᠲᠣᠬᠢᠷᠠᠭᠰᠠᠨ ᠠᠵᠢᠯ ᠤᠨ ᠪᠠᠶᠢᠷᠢ  ᠎ ᠶᠢ ᠰᠣᠩᠭᠤᠭᠤᠯᠵᠠᠢ᠃ ᠠᠵᠢᠯ ᠡᠷᠢᠭᠰᠡᠳ ᠤᠨ ᠬᠠᠮᠤᠭ  ᠎ ᠠᠴᠠ ᠠᠩᠬᠠᠷᠴᠤ ᠪᠠᠶᠢᠭ᠎ᠠ ᠠᠵᠢᠯᠲᠠᠨ ᠡᠯᠰᠡᠬᠦ ᠠᠵᠤ ᠠᠬᠤᠶᠢᠯᠠᠯ ᠤᠨ ᠦᠨᠳᠦᠰᠦᠨ ᠪᠠᠶᠢᠳᠠᠯ ᠂ ᠠᠵᠢᠯ ᠤᠨ ᠰᠢᠨᠵᠢ ᠴᠢᠨᠠᠷ᠂ ᠴᠠᠯᠢᠩ ᠬᠥᠯᠥᠰᠦ ᠵᠡᠷᠭᠡ ᠠᠰᠠᠭᠤᠳᠠᠯ ᠳᠤ ᠨᠠᠷᠢᠨ ᠲᠣᠳᠣᠷᠬᠠᠢ ᠬᠠᠷᠢᠭᠤᠯᠲᠠ ᠥᠭᠴᠡᠢ ᠃ ᠠᠵᠢᠯᠲᠠᠳ ᠪᠠᠰᠠ ᠣᠯᠠᠨ ᠲᠦᠮᠡᠨ ᠳᠤ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠭᠰᠠᠨ ᠪᠥᠭᠡᠳ ᠣᠯᠠᠨ ᠲᠦᠮᠡᠨ ᠤ ᠠᠰᠠᠭᠤᠯᠲᠠ ᠳᠤ ᠲᠤᠬᠠᠢ ᠶᠢᠨ ᠲᠠᠯᠠᠪᠤᠷ ᠤᠨ ᠲᠠᠶᠢᠯᠤᠮᠵᠢ ᠬᠢᠵᠦ᠂ ᠲᠤᠬᠠᠢ ᠶᠢᠨ ᠲᠠᠯᠠᠪᠤᠷ ᠤᠨ ᠠᠵᠢᠯ ᠡᠷᠢᠵᠦ ᠪᠠᠶᠢᠭ᠎ᠠ ᠣᠯᠠᠨ ᠲᠦᠮᠡᠨ ᠤ ᠰᠠᠨᠠᠯ ᠨᠢᠭᠡᠲᠡᠢ ᠵᠥᠪᠰᠢᠶᠡᠷᠡᠯ ᠢ ᠣᠯᠣᠭᠰᠠᠨ ᠪᠠᠶᠢᠨ᠎ᠠ᠃      ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠣᠷᠣᠯᠴᠠᠭᠰᠠᠨ ᠨᠢᠭᠡᠴᠡ 14 ᠪᠠᠶᠢᠵᠤ᠂ 294 ᠠᠵᠢᠯ ᠤᠨ ᠪᠠᠶᠢᠷᠢ ᠬᠠᠩᠭᠠᠵᠤ᠂ 20 ᠬᠥᠮᠥᠨ ᠳᠤ ᠠᠵᠢᠯ ᠣᠯᠭᠤᠬᠤ ᠰᠠᠨᠠᠯ ᠲᠠᠢ ᠪᠣᠯᠪᠠ᠃ ᠬᠤᠶᠢᠰᠢᠳᠠ ᠮᠠᠨ ᠤ ᠲᠣᠪᠴᠢᠶ᠎ᠠ ᠦᠷᠭᠦᠯᠵᠢᠯᠡᠨ ᠡᠯ᠎ᠡ ᠲᠥᠷᠥᠯ ᠤᠨ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠠᠵᠢᠯ ᠣᠯᠭᠤᠯᠲᠠ ᠶᠢᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠤᠯᠠᠮᠵᠢᠯᠠᠨ ᠥᠭᠴᠦ᠂ ᠠᠵᠢᠯ ᠣᠯᠬᠤ ᠳᠤ ᠬᠦᠴᠢᠷᠲᠡᠢ ᠨᠠᠩ ᠣᠯᠠᠨ ᠬᠥᠮᠥᠰ ᠤᠨ ᠳᠠᠬᠢᠨ ᠠᠵᠢᠯ ᠣᠯᠬᠤ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠵᠢᠯ ᠣᠯᠭᠤᠯᠲᠠ ᠶᠢ ᠪᠠᠲᠤᠯᠠᠬᠤ ᠡᠭᠦᠷᠭᠡ ᠶᠢ ᠨᠠᠶᠢᠳᠠᠪᠤᠷᠢᠵᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号