ᠰᠢᠩ ᠺᠠᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠡᠯᠡᠨ ᠬᠤᠷᠠᠯᠳᠤᠪᠠ
ᠨᠡᠶᠢᠲᠡᠯᠡᠭᠰᠡᠨ ᠴᠠᠭ᠄
2024/2/26
     2 ᠰᠠᠷ᠎ᠠ ᠶᠢᠨ 24᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠰᠢᠩ ᠺᠠᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠎ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠥᠷᠪᠡᠳᠦᠭᠡᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠰᠢ ᠶᠢᠨ ᠫᠢᠩ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠳ᠋ᠦᠩᠨᠡᠯᠲᠡ︾᠎ ᠶᠢ ᠰᠤᠳᠤᠯᠤᠨ ᠬᠢᠨᠠᠨ ᠵᠥᠪᠯᠡᠵᠦ᠂ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠳᠠᠪᠤᠷᠢᠲᠠᠨ ᠡᠯᠰᠡᠬᠦ ᠵᠢᠴᠢ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠨᠢᠭᠡᠳᠦᠯᠲᠡᠢ ᠲᠥᠯᠥᠪᠯᠡᠨ ᠲᠥᠯᠥᠪᠵᠢᠭᠦᠯᠬᠦ ᠪᠠᠨ ᠴᠢᠩᠭᠠᠳᠬᠠᠵᠤ᠂ ᠵᠣᠬᠢᠴᠠᠭᠤᠯᠤᠨ ᠠᠬᠢᠭᠤᠯᠬᠤ ᠪᠠᠨ ᠴᠢᠩᠭᠠᠳᠬᠠᠨ᠂ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠲᠦᠯᠬᠢᠨ ᠠᠬᠢᠭᠤᠯᠬᠤ ᠪᠠ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠮᠠᠨ ᠤ ᠣᠷᠣᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠡᠷᠬᠡ ᠲᠦᠪᠡᠭᠲᠡᠢ ᠠᠰᠠᠭᠤᠳᠠᠯ ᠤᠳ ᠢ ᠬᠦᠴᠦᠯᠡᠨ ᠨᠡᠪᠲᠡᠷᠡᠭᠦᠯᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠣᠳᠣᠬᠢᠴᠢᠯᠠᠯᠲᠠ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠬᠦᠴᠦᠨ ᠢ ᠳᠣᠷᠣᠭᠰᠢ ᠪᠠᠭᠤᠯᠭᠠᠬᠤ᠂ ᠪᠠᠲᠤᠯᠠᠭ᠎ᠠ ᠶᠢ ᠳᠣᠷᠣᠭᠰᠢ ᠬᠡᠯᠪᠡᠶᠢᠯᠭᠡᠬᠦ᠂ ᠪᠣᠭᠤᠮᠲᠠ ᠶᠢ ᠤᠷᠤᠭᠰᠢ ᠰᠢᠯᠵᠢᠭᠦᠯᠬᠦ ᠶᠢ ᠠᠬᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠵᠤ ᠦᠢᠯᠡᠰ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃      ᠬᠤᠷᠠᠯ ᠠᠴᠠ᠂ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠬᠦᠴᠦᠯᠡᠨ ᠰᠠᠶᠢᠲᠤᠷ ᠠᠳᠬᠤᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠬᠦᠴᠦᠲᠡᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠰᠤᠷᠤᠯᠴᠠᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠳᠦᠰᠦᠨ ᠦᠵᠡᠯᠲᠡ᠂ ᠰᠢᠨᠵᠢᠯᠡᠬᠦ ᠤᠬᠠᠭᠠᠨᠴᠢ ᠰᠢᠰᠲ᠋ᠧᠮ ᠢ ᠪᠦᠬᠦ ᠲᠠᠯ᠎ᠠ  ᠪᠠᠷ ᠰᠢᠰᠲ᠋ᠧᠮ ᠲᠠᠢ ᠡᠵᠡᠮᠰᠢᠵᠦ᠂ ᠡᠨᠡ ᠬᠦ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ᠂ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠵᠦ᠂ ᠴᠢᠭᠯᠡᠯ ᠢ ᠲᠣᠳᠣᠷᠬᠠᠢ ᠪᠣᠯᠭᠠᠬᠤ᠂ ᠠᠷᠭ᠎ᠠ ᠶᠢ ᠰᠤᠷᠤᠯᠴᠠᠬᠤ᠂ ᠦᠨᠳᠦᠰᠦ ᠶᠢ ᠪᠠᠲᠤᠳᠬᠠᠬᠤ᠂ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠪᠤᠢ ᠪᠣᠯᠭᠠᠬᠤ ᠶᠢ ᠪᠡᠶᠡᠯᠡᠭᠦᠯᠵᠦ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠶᠠᠪᠤᠳᠠᠯ ᠢ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠬᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢᠶᠠᠨ ᠲᠦᠯᠬᠢᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠲᠠᠰᠤᠷᠠᠯᠳᠠ ᠦᠭᠡᠢ ᠬᠤᠪᠢᠷᠠᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠢᠨ᠎ᠡ ᠠᠷᠭ᠎ᠠ ᠪᠠᠷᠢᠯ ᠰᠢᠨ᠎ᠡ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠪᠠᠶᠢᠩᠭᠤᠵᠢᠭᠰᠠᠨ ᠪᠠᠶᠢᠴᠠᠭᠠᠨ ᠰᠤᠳᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠪᠠᠶᠢᠴᠠᠭᠠᠨ ᠰᠤᠳᠤᠯᠤᠯᠲᠠ ᠶᠢᠨ ᠠᠵᠢᠯ ᠢ ᠪᠠᠶᠢᠩᠭᠤ ᠠᠳᠬᠤᠵᠤ᠂ ᠵᠠᠩᠭᠢᠯᠠᠭ᠎ᠠ ᠶᠢᠨ ᠠᠰᠠᠭᠤᠳᠠᠯ ᠢ ᠣᠨᠣᠪᠴᠢᠲᠠᠢ ᠡᠷᠢᠨ ᠣᠯᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠨᠠᠷᠢᠯᠢᠭ ᠪᠣᠳᠠᠲᠠᠢ ᠬᠢᠵᠦ᠂ ᠰᠢᠨ᠎ᠡ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ ᠦᠷᠭᠦᠯᠵᠢᠯᠡᠨ ᠰᠠᠶᠢᠲᠤᠷ ᠵᠠᠮᠨᠠᠵᠤ᠂︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾᠎ ᠶᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠬᠦ ᠬᠡᠷᠡᠭᠲᠡᠢ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠥᠨᠳᠥᠷ ᠵᠣᠭᠰᠣᠴᠠ ᠶᠢ ᠢᠮᠠᠭᠲᠠ ᠪᠠᠷᠢᠮᠲᠠᠯᠠᠵᠤ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ ᠶᠢ ᠥᠪᠡᠷ ᠤᠨ ᠤᠬᠠᠮᠰᠠᠷ ᠪᠣᠯᠭᠠᠵᠤ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ ᠭᠤᠣᠯᠴᠢ ᠪᠠᠷ ᠡᠷᠬᠡ ᠪᠠᠨ ᠬᠡᠷᠡᠭᠯᠡᠬᠦ᠂ ᠠᠷᠠᠳ ᠤᠨ ᠬᠡᠷᠡᠭᠯᠡᠭᠡᠨ ᠤ ᠡᠷᠬᠡ ᠶᠢ ᠬᠡᠷᠡᠭᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠣᠷᠣᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠂ ᠳᠥᠷᠪᠡᠨ ᠠᠷᠠᠯᠵᠢᠶᠠᠴᠢᠨ ᠤᠷᠢᠬᠤ ᠲᠤᠰᠬᠠᠢ ᠠᠩᠭᠢ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠨᠡᠶᠢᠭᠡᠮ ᠳᠤ ᠠᠷᠠᠯᠵᠢᠶᠠᠴᠢᠨ ᠤᠷᠢᠬᠤ ᠨᠡᠩ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠮᠡᠳᠡᠭᠡ ᠵᠠᠩᠭᠢ ᠶᠢᠨ ᠠᠷᠭ᠎ᠠ ᠵᠠᠮ ᠢ ᠠᠰᠢᠭᠯᠠᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠳᠤ ᠣᠷᠣᠯᠴᠠᠵᠤ᠂ ᠪᠠᠢ ᠶᠦᠨ ᠠᠵᠤ ᠦᠢᠯᠡᠰ ᠤᠨ ᠲᠥᠯᠦᠪᠵᠢᠭᠦᠯᠭᠡ ᠲᠠᠢ ᠬᠤᠯᠪᠣᠭᠳᠠᠬᠤ ᠡᠯ᠎ᠡ ᠲᠦᠷᠦᠯ ᠤᠨ ᠠᠵᠤ ᠠᠬᠤᠶᠢᠯᠠᠯ ᠢ ᠤᠨᠢᠨ ᠳᠡᠭᠡᠷ᠎ᠡ ᠨᠢ ᠲᠠᠲᠠᠵᠤ ᠪᠠᠢ ᠶᠦᠨ  ᠳᠤ ᠣᠷᠣᠭᠤᠯᠵᠤ᠂ ᠪᠠᠢ ᠶᠦᠨ  ᠢ ᠣᠶᠢᠯᠠᠭᠠᠵᠤ᠂ ᠪᠠᠢ ᠶᠦᠨ  ᠳᠤ ᠪᠡᠯᠡ ᠣᠷᠣᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠡᠭᠡ ᠰᠢᠪᠲᠤᠯᠤᠯᠲᠠ ᠪᠠᠷ ᠬᠥᠭᠵᠢᠯᠲᠡ ᠶᠢᠨ ᠬᠥᠳᠡᠯᠭᠡᠬᠦ ᠬᠦᠴᠦᠨ ᠤ ᠶᠡᠭᠡ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂︽ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ︾ᠭᠡᠬᠦ ᠠᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠴᠢᠳᠠᠪᠤᠷᠢᠲᠠᠨ ᠢ ᠡᠯᠰᠡᠵᠦ ᠤᠶᠤᠨ ᠮᠡᠳᠡᠯᠭᠡ ᠶᠢ ᠣᠷᠣᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠴᠢᠳᠠᠪᠤᠷᠢᠲᠠᠨ ᠤ ᠳᠦᠷᠦ ᠶᠢᠨ ᠪᠣᠳᠣᠯᠭ᠎ᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠴᠢᠳᠠᠪᠤᠷᠢᠲᠠᠨ ᠡᠯᠰᠡᠬᠦ ᠠᠵᠢᠯ ᠢ ᠤᠨᠢᠨ ᠳᠡᠭᠡᠷ᠎ᠡ ᠨᠢ ᠰᠠᠶᠢᠲᠤᠷ ᠠᠳᠬᠤᠵᠤ᠂ ᠳᠦᠷᠦ ᠶᠢᠨ ᠪᠣᠳᠣᠯᠭ᠎ᠠ ᠶᠢ ᠪᠡᠶᠡᠯᠡᠭᠦᠯᠬᠦ ᠶᠢ ᠦᠷᠭᠦᠯᠵᠢᠯᠡᠨ ᠴᠢᠩᠭᠠᠳᠬᠠᠵᠤ᠂ ᠺᠠᠳ᠋ᠷ ᠢ ᠰᠣᠩᠭᠤᠨ ᠪᠣᠶᠢᠵᠢᠭᠤᠯᠬᠤ ᠬᠡᠷᠡᠭᠴᠡᠭᠡ ᠲᠠᠢ ᠠᠵᠢᠯ ᠤᠨ ᠰᠢᠰᠲ᠋ᠧᠮ ᠢ ᠰᠢᠯᠢᠳᠡᠭᠵᠢᠭᠦᠯᠵᠦ᠂ ᠴᠢᠳᠠᠪᠤᠷᠢᠲᠠᠨ ᠢ ᠪᠦᠬᠦ ᠲᠠᠯ᠎ᠠ ᠪᠠᠷ ᠬᠥᠮᠥᠵᠢᠭᠦᠯᠵᠦ ᠣᠷᠣᠭᠤᠯᠤᠨ ᠠᠪᠴᠢᠷᠠᠵᠤ ᠰᠠᠶᠢᠲᠤᠷ ᠬᠡᠷᠡᠭᠯᠡᠨ᠎ᠡ᠃ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠡᠯ᠎ᠡ ᠵᠦᠢᠯ ᠤᠨ ᠠᠮᠠᠯᠠᠯᠲᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠨᠡᠨᠬᠦ ᠪᠡᠶᠡᠯᠡᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ ᠰᠢᠯᠤᠭᠤᠳᠬᠠᠵᠤ᠂ ᠮᠠᠨ ᠤ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠤ ᠨᠠᠩ ᠶᠡᠭᠡ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号