ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠣᠷ ᠴᠠᠭᠠᠵᠠᠯᠠᠬᠤ ᠶᠡᠭᠡ ᠠᠩᠭᠢ ᠬᠤᠣᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/27
     ᠠᠷᠠᠳ ᠤᠨ ᠵᠠᠩ ᠦᠶᠯᠡ ᠶᠢᠨ ᠰᠣᠶᠣᠯ ᠢ ᠪᠠᠳᠠᠷᠠᠭᠤᠯᠵᠤ᠂ ᠤᠯᠠᠮᠵᠢᠯᠠᠯᠲᠤ ᠵᠠᠩ ᠳᠠᠳᠬᠠᠯ ᠢ ᠵᠠᠯᠭᠠᠮᠵᠢᠯᠠᠵᠤ᠂ ᠡᠷᠡᠭᠦᠯ ᠡᠩᠬᠡ ᠵᠤᠭ᠎ᠠ ᠴᠡᠩᠭᠡᠯ ᠢ ᠡᠳ᠋ᠯᠡᠨ᠂ ᠪᠠᠶᠠᠷ ᠤᠨ ᠡᠳᠦᠷ ᠲᠤ ᠬᠤᠣᠷ ᠴᠠᠭᠠᠵᠠᠯᠠᠬᠤ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠬᠤᠣᠷ ᠴᠠᠭᠠᠵᠠᠯᠠᠬᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢᠨ ᠲᠥᠯᠥᠭᠡ᠂ ᠣᠶᠢᠷ᠎ᠠ ᠳᠤ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠣᠷ ᠴᠠᠭᠠᠵᠠᠯᠠᠬᠤ ᠶᠡᠭᠡ ᠠᠩᠭᠢ ᠬᠠᠷᠢᠶᠠᠲᠤ ᠣᠷᠣᠨ ᠤ ᠬᠥᠮᠥᠨ ᠣᠯᠠᠨ ᠴᠤᠭᠯᠠᠷᠠᠬᠤ ᠲᠠᠯᠠᠪᠤᠷ ᠲᠤ ᠬᠦᠷᠴᠦ ᠬᠤᠣᠷ ᠴᠠᠭᠠᠵᠠᠯᠠᠬᠤ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
    ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠷᠠᠳ ᠤᠨ ᠴᠠᠭᠳᠠᠭ᠎ᠠ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠵᠢᠵᠢᠭ ᠪᠡᠯᠡᠭ ᠤᠨ ᠡᠳ᠋ ᠲᠠᠷᠬᠠᠭᠠᠬᠤ ᠵᠡᠷᠭᠡ ᠬᠡᠯᠪᠡᠷᠢ ᠪᠠᠷ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠰᠠᠭᠤᠭᠠᠯᠢ ᠠᠷᠠᠳ ᠲᠤ ᠬᠤᠣᠷᠲᠤ ᠡᠳ᠋ ᠤᠨ ᠬᠥᠭᠵᠢᠯᠲᠡ ᠶᠢᠨ ᠲᠡᠦᠬᠡ ᠵᠢᠴᠢ ᠤᠯᠤᠰ  ᠎ ᠠᠴᠠ ᠵᠠᠬᠢᠷᠤᠨ ᠬᠠᠮᠢᠶᠠᠷᠴᠤ ᠪᠠᠶᠢᠭ᠎ᠠ ᠮᠡᠳᠡᠷᠡᠯ ᠤᠨ ᠡᠮ ᠤᠨ ᠲᠥᠷᠥᠯ ᠵᠦᠢᠯ ᠢ ᠲᠠᠨᠢᠯᠴᠠᠭᠤᠯᠵᠤ᠂ ᠬᠤᠣᠷᠲᠤ ᠡᠳ᠋ ᠤᠨ ᠲᠤᠬᠠᠢ ᠮᠡᠳᠡᠯᠭᠡ ᠵᠢᠴᠢ ᠬᠡᠷᠬᠢᠨ ᠠᠮᠤᠷ ᠲᠦᠪᠰᠢᠨ ᠢᠶᠠᠷ ᠡᠮ ᠬᠡᠷᠡᠭᠯᠡᠬᠦ ᠶᠢ ᠣᠯᠠᠨ ᠲᠦᠮᠡᠨ ᠳᠤ ᠨᠠᠩ ᠲᠣᠳᠣᠷᠬᠠᠢ ᠨᠠᠩ ᠰᠢᠭᠤᠳ ᠣᠶᠢᠯᠠᠭᠠᠭᠤᠯᠪᠠ᠃      ᠲᠣᠰ ᠤᠳᠠᠭᠠᠨ ᠤ ᠠᠵᠢᠯᠯᠠᠭ᠎ᠠ ᠳᠤ 5 ᠴᠠᠭᠳᠠᠭᠠᠨ ᠤ ᠬᠦᠴᠦᠨ᠂ 1 ᠴᠠᠭᠳᠠᠭᠠᠨ ᠤ ᠲᠡᠷᠭᠡ ᠬᠥᠳᠡᠯᠭᠡᠵᠦ᠂ ᠨᠡᠶᠢᠲᠡ 110 ᠭᠠᠷᠤᠢ ᠬᠤᠪᠢ ᠬᠤᠣᠷ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ᠂ 80 ᠭᠠᠷᠤᠢ ᠬᠤᠪᠢ ᠵᠢᠵᠢᠭ ᠪᠡᠯᠡᠭ ᠤᠨ ᠡᠳ᠋ ᠲᠠᠷᠬᠠᠭᠠᠵᠤ᠂ ᠣᠯᠠᠨ ᠲᠦᠮᠡᠨ ᠤ ᠠᠰᠠᠭᠤᠨ ᠯᠠᠪᠯᠠᠭᠰᠠᠨ ᠢ 20 ᠬᠥᠮᠥᠨ ᠤᠳᠠᠭ᠎ᠠ ᠬᠠᠷᠢᠭᠤᠯᠵᠠᠢ᠃
 
ᠢᠷᠡᠯᠲᠡ᠄ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号