ᠰᠢᠩ ᠭᠤᠸᠠᠩ ᠨᠡᠶᠢᠭᠡᠮ ᠲᠣᠭᠤᠷᠢᠭ ︽ᠬᠤᠭ ᠨᠣᠪᠰᠢ ᠶᠢ ᠲᠥᠷᠥᠯ ᠬᠤᠪᠢᠶᠠᠨ ᠣᠷᠴᠢᠨ ᠲᠣᠭᠤᠷᠢᠨ ᠢ ᠭᠤᠶᠣᠵᠢᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/28
      ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠪᠠ ᠣᠷᠴᠢᠨ ᠠᠬᠤᠢ ᠶᠢ ᠬᠠᠮᠠᠭᠠᠯᠠᠬᠤ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠲᠠᠨᠢᠯᠲᠠ ᠶᠢ ᠨᠡᠮᠡᠭᠳᠡᠭᠦᠯᠦᠨ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠣᠷᠴᠢᠨ ᠠᠬᠤᠢ ᠶᠢ ᠬᠠᠮᠠᠭᠠᠯᠠᠬᠤ ᠣᠷᠴᠢᠨ ᠠᠬᠤᠢ ᠶᠢᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠰᠢᠩ ᠭᠤᠸᠠᠩ ᠨᠡᠶᠢᠭᠡᠮ ᠲᠣᠭᠤᠷᠢᠭ ᠤᠨ ᠬᠢᠨ ᠬᠠᠷᠢᠶᠠᠲᠤ ᠣᠷᠣᠨ ᠤ ᠰᠠᠭᠤᠭᠠᠯᠢ ᠠᠷᠠᠳ ᠪᠠ ᠰᠤᠷᠤᠭᠴᠢᠳ ᠢ ᠵᠣᠬᠢᠶᠠᠨ ᠪᠠᠶᠢᠭᠤᠯᠵᠤ ︽ᠬᠤᠭ ᠨᠣᠪᠰᠢ ᠶᠢ ᠲᠥᠷᠥᠯ ᠬᠤᠪᠢᠶᠠᠨ ᠣᠷᠴᠢᠨ ᠠᠬᠤᠢ ᠶᠢ ᠭᠤᠶᠣᠵᠢᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
    ᠠᠵᠢᠯᠯᠠᠭ᠎ᠠ ᠶᠢᠨ ᠳᠤᠮᠳᠠ᠂ ᠠᠵᠢᠯᠲᠠᠳ ᠣᠯᠠᠨ ᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢᠨ ᠢᠷᠡᠯᠲᠡ ᠪᠠ ᠶᠠᠪᠤᠬᠤ ᠵᠠᠮ᠂ ᠬᠤᠭ ᠨᠣᠪᠰᠢ ᠶᠢ ᠲᠥᠷᠥᠯ ᠬᠤᠪᠢᠶᠠᠬᠤ ᠶᠢᠨ ᠴᠢᠬᠤᠯᠠ ᠴᠢᠨᠠᠷ ᠪᠠ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠦᠨᠳᠦᠰᠦᠨ ᠠᠷᠭ᠎ᠠ ᠶᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠶᠢᠨ ᠭᠦᠨ ᠳᠠᠪᠬᠤᠷᠭ᠎ᠠ ᠶᠢᠨ ᠠᠴᠢ ᠬᠤᠯᠪᠣᠭᠳᠠᠯ ᠢ ᠤᠯᠠᠮ ᠨᠢᠭᠡ ᠠᠯᠬᠤᠮ ᠣᠶᠢᠯᠠᠭᠠᠭᠤᠯᠪᠠ᠃ ᠲᠤᠬᠠᠢ  ᠎ ᠶᠢᠨ ᠲᠠᠯᠠᠪᠠᠶ ᠳᠤ ᠪᠠᠰᠠ ᠱᠠᠩᠨᠠᠯ ᠲᠠᠢ ᠠᠰᠠᠭᠤᠯᠲᠠ ᠬᠠᠷᠢᠭᠤᠯᠲᠠ ᠥᠭᠴᠦ᠂ ᠠᠵᠢᠯᠲᠠᠳ ᠵᠥᠪ ᠬᠠᠷᠢᠭᠤᠯᠤᠭᠰᠠᠳ ᠲᠤ ᠨᠠᠷᠢᠯᠢᠭ ᠰᠠᠶᠢᠬᠠᠨ ᠵᠢᠵᠢᠭ ᠪᠡᠯᠡᠭ ᠬᠦᠷᠭᠡᠵᠡᠢ᠃
     ᠬᠤᠭ ᠨᠣᠪᠰᠢ ᠶᠢ ᠲᠥᠷᠥᠯ ᠬᠤᠪᠢᠶᠠᠬᠤ ᠳᠤ ᠲᠡᠶᠢᠮᠦ ᠬᠢᠯᠪᠠᠷ ᠪᠢᠰᠢ᠂ ᠨᠢᠭᠡ ᠯᠡ ᠳᠡᠭᠡᠷ᠎ᠡ ᠪᠦᠲᠦᠭᠡᠴᠢᠬᠡᠬᠦ ᠪᠢᠰᠢ᠂ ᠬᠠᠷᠢᠨ ᠦᠷᠭᠦᠯᠵᠢᠯᠡᠨ ᠬᠦᠴᠦ ᠣᠷᠣᠭᠤᠯᠵᠤ᠂ ᠥᠨᠢ ᠤᠳᠠᠭᠠᠨ ᠴᠢᠷᠮᠠᠶᠢᠬᠤ ᠬᠡᠷᠡᠭᠲᠡᠢ ᠶᠤᠮ᠃ ᠳᠠᠷᠠᠭᠠᠴᠢ ᠶᠢᠨ ᠠᠯᠬᠤᠮ ᠳᠤ᠂ ᠰᠢᠩ ᠭᠤᠸᠠᠩ ᠨᠡᠶᠢᠭᠡᠮ ᠲᠣᠭᠤᠷᠢᠭ ᠤᠨ ᠬᠢᠨ ᠬᠤᠭ ᠨᠣᠪᠰᠢ ᠶᠢ ᠲᠦᠷᠦᠯ ᠬᠤᠪᠢᠶᠠᠬᠤ ᠬᠠᠷᠠᠯᠲᠠ ᠶᠢᠨ ᠠᠴᠢ ᠬᠤᠯᠪᠣᠭᠳᠠᠯ᠂ ᠲᠦᠷᠦᠯ ᠵᠦᠢᠯ ᠤᠨ ᠬᠤᠪᠢᠶᠠᠷᠢᠯᠠᠯ᠂ ᠰᠠᠶᠢᠨ ᠲᠠᠯ᠎ᠠ ᠦᠷ᠎ᠡ ᠪᠦᠲᠦᠮᠵᠢ ᠵᠡᠷᠭᠡ ᠤᠬᠠᠭᠤᠯᠭ᠎ᠠ ᠪᠣᠯᠣᠨ ᠰᠠᠭᠤᠭᠠᠯᠢ ᠠᠷᠠᠳ ᠤᠨ ᠠᠵᠢᠯᠯᠠᠭ᠎ᠠ ᠶᠢ ᠬᠥᠲᠥᠯᠥᠨ ᠵᠢᠯᠤᠭᠤᠳᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠭ ᠨᠣᠪᠰᠢ ᠶᠢ ᠲᠦᠷᠦᠯ ᠬᠤᠪᠢᠶᠠᠬᠤ ᠶᠢ ᠰᠠᠭᠤᠭᠠᠯᠢ ᠠᠷᠠᠳ ᠤᠨ ᠡᠳᠦᠷ ᠲᠤᠳᠤᠮ ᠤᠨ ᠳᠠᠳᠬᠠᠯ ᠪᠣᠯᠭᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠬᠤᠭ ᠨᠣᠪᠰᠢ ᠶᠢ ᠲᠦᠷᠦᠯ ᠬᠤᠪᠢᠶᠠᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠨ᠎ᠠ᠃
 
ᠢᠷᠡᠯᠲᠡ᠄ ᠰᠢᠩ ᠭᠤᠸᠠᠩ ᠨᠡᠶᠢᠭᠡᠮ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号