︽ᠴᠠᠭᠠᠨ ᠰᠠᠷ᠎ᠠ ᠶᠢ ᠤᠭᠲᠤᠵᠤ ᠢᠷᠦᠭᠡᠯ ᠳᠡᠪᠰᠢᠭᠦᠯᠦᠶ᠎ᠡ︾᠂ ᠠᠬᠠᠮᠠᠳ ᠴᠡᠷᠢᠭ ᠤᠨ ᠴᠠᠭᠠᠨ ᠰᠠᠷ᠎ᠠ ᠶᠢ ᠤᠭᠲᠤᠵᠤ ᠬᠠᠶᠢᠷ᠎ᠠ ᠬᠠᠯᠠᠮᠵᠢ ᠶᠢ ᠬᠦᠷᠭᠡᠨ᠎ᠡ ︱ ᠰᠢᠩ ᠭᠤᠸᠠᠩ ᠨᠡᠶᠢᠭᠡᠮ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/5
      ᠲᠣᠬᠤᠨᠢᠭᠤᠯᠤᠯ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠢᠯᠡᠭᠡᠵᠦ᠂ ᠵᠢᠯ ᠤᠨ ᠬᠦᠢᠲᠡᠨ ᠳᠤ ᠬᠥᠮᠥᠰ ᠤᠨ  ︽ᠨᠠᠮ ᠤᠨ ᠠᠴᠢ  ᠎ ᠶᠢ ᠮᠡᠳᠡᠷᠡᠵᠦ᠂ ᠨᠠᠮ ᠤᠨ ᠦᠭᠡ  ᠎ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ  ᠎ ᠶᠢᠨ ᠠᠵᠢᠯᠯᠠᠭ᠎ᠠ  ᠎ ᠶᠢ ᠯᠠᠪᠳᠠᠭᠤᠨ ᠪᠠᠲᠤᠲᠠᠢ ᠠᠬᠢᠭᠤᠯᠵᠤ᠂ ᠴᠡᠷᠢᠭ  ᠎ ᠢᠶᠠᠨ ᠬᠦᠷᠢᠶᠡᠯᠡᠨ ᠴᠡᠷᠢᠭ ᠤᠨ ᠭᠡᠷ ᠪᠦᠯᠢ  ᠎ ᠶᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ  ᠎ ᠢ ᠵᠠᠯᠭᠠᠮᠵᠢᠯᠠᠨ ᠪᠠᠳᠠᠷᠠᠭᠤᠯᠬᠤ  ᠎ ᠶᠢᠨ ᠲᠥᠯᠥᠭᠡ᠂ ᠣᠷᠴᠢᠮᠬᠠᠨ ᠳᠤ ᠰᠢᠩ ᠭᠤᠸᠠᠩ ᠨᠡᠶᠢᠭᠡᠮ ᠲᠣᠭᠤᠷᠢᠭ ᠤᠨ ᠬᠤᠯᠪᠣᠭᠠᠲᠤ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠠᠴᠠ ᠬᠠᠯᠠᠭᠳᠠᠭᠰᠠᠳ  ᠎ ᠢ ᠲᠣᠬᠤᠨᠢᠭᠤᠯᠵᠤ ᠬᠠᠯᠠᠮᠵᠢᠯᠠᠬᠤ ᠠᠵᠢᠯᠯᠠᠭ᠎ᠠ ᠥᠷᠨᠢᠭᠦᠯᠵᠦ᠂ ᠲᠡᠳᠡᠨ ᠳᠤ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠲᠡᠳᠡᠨ ᠳᠤ ᠴᠠᠭᠠᠨ ᠰᠠᠷ᠎ᠠ  ᠎ ᠶᠢᠨ ᠢᠷᠦᠭᠡᠯ ᠪᠣᠯᠣᠨ ᠴᠢᠩ ᠰᠡᠳᠬᠢᠯ ᠤᠨ ᠮᠡᠨᠳᠦᠴᠢᠯᠡᠯ ᠬᠦᠷᠭᠡᠵᠡᠢ᠃
     ᠬᠦᠴᠢᠷᠳᠡᠯ ᠲᠠᠢ ᠴᠡᠷᠢᠭ ᠠᠴᠠ ᠬᠠᠯᠠᠭᠳᠠᠭᠰᠠᠳ ᠤᠨ ᠭᠡᠷ ᠲᠤ ᠠᠵᠢᠯᠲᠠᠳ ᠴᠡᠷᠢᠭ ᠤᠨ ᠠᠯᠪᠠᠨ ᠠᠴᠠ ᠪᠠᠭᠤᠭᠰᠠᠳ ᠲᠠᠢ ︽ᠨᠢᠭᠤᠷᠲᠠᠨ ᠨᠢᠭᠤᠷᠳᠠᠵᠤ᠂ ᠰᠡᠳᠬᠢᠯ ᠤᠨ ᠤᠭ ᠠᠴᠠ ᠪᠠᠨ︾ ᠰᠠᠨᠠᠯ ᠢᠶᠠᠨ ᠰᠣᠯᠢᠯᠴᠠᠵᠤ᠂ ᠳᠡᠳᠡᠨ ᠲᠠᠢ ᠵᠣᠭᠤᠭᠳᠠᠵᠤ᠂ ᠬᠠᠶᠢᠷ᠎ᠠ ᠰᠡᠳᠬᠢᠯᠭᠡ ᠪᠠᠨ ᠶᠠᠷᠢᠯᠴᠠᠵᠤ᠂ ᠳᠡᠳᠡᠨ ᠤ ᠰᠢᠨ᠎ᠡ ᠳᠠᠭᠤᠨ ᠢ ᠨᠠᠷᠢᠨ ᠬᠢᠨᠠᠮᠠᠭᠠᠢ ᠰᠣᠨᠣᠰᠴᠤ᠂ ᠳᠡᠳᠡᠨ ᠤ ᠡᠳᠦᠷ ᠳᠤᠳᠤᠮ ᠤᠨ ᠠᠮᠢᠳᠤᠷᠠᠯ ᠳᠤ ᠲᠤᠯᠭᠠᠷᠠᠭᠰᠠᠨ ᠬᠦᠴᠢᠷᠳᠡᠯ ᠵᠢᠴᠢ ᠪᠤᠳᠤᠯ᠂ ᠬᠡᠷᠡᠭᠴᠡᠭᠡ᠂ ᠬᠦᠰᠡᠯ ᠡᠷᠡᠮᠡᠯᠵᠡᠯ ᠢ ᠨᠠᠷᠢᠨ ᠣᠶᠢᠯᠠᠭᠠᠵᠤ᠂ ᠳᠡᠳᠡᠨ ᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ ᠳᠡᠳᠡᠨ ᠤ ᠴᠡᠷᠢᠭ ᠤᠨ ᠬᠥᠮᠥᠨ ᠤ ᠣᠣᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠴᠡᠷᠢᠭ ᠤᠨ ᠬᠥᠮᠥᠨ ᠤ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠢᠳᠡᠪᠬᠢᠲᠡᠢ ᠳᠠᠮᠵᠢᠭᠤᠯᠬᠤ ᠶᠢ ᠬᠦᠰᠡᠵᠦ ᠪᠠᠶᠢᠨ᠎ᠠ᠃
     ᠡᠨᠡ ᠤᠳᠠᠭ᠎ᠠ  ᠎ ᠶᠢᠨ ᠲᠣᠭᠤᠷᠢᠨ ᠦᠵᠡᠵᠦ ᠲᠣᠬᠤᠨᠢᠭᠤᠯᠤᠭᠰᠠᠨ ᠶᠠᠪᠤᠳᠠᠯ ᠨᠢ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠤᠨ ᠬᠠᠷᠢᠶᠠᠯᠠᠭᠳᠠᠬᠤ ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ  ᠎ ᠶᠢ ᠤᠯᠠᠮ ᠨᠢᠭᠡ ᠠᠯᠬᠤᠮ ᠬᠥᠭᠵᠢᠭᠡᠵᠦ᠂ ᠨᠡᠶᠢᠭᠡᠮ ᠨᠡᠶᠢᠲᠡ ᠪᠠᠷ  ᠎ ᠢᠶᠠᠨ ᠤᠯᠤᠰ ᠤᠨ ᠪᠠᠲᠤᠯᠠᠨ ᠬᠠᠮᠠᠭᠠᠯᠠᠯᠲᠠ  ᠎ ᠶᠢ ᠬᠠᠯᠠᠮᠵᠢᠯᠠᠬᠤ ᠭᠦᠨ ᠵᠤᠵᠠᠭᠠᠨ ᠠᠭᠤᠷ ᠠᠮᠢᠰᠬᠤᠯ  ᠎ ᠢ ᠪᠤᠶ ᠪᠣᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠩ ᠭᠤᠸᠠᠩ ᠨᠡᠶᠢᠭᠡᠮ ᠲᠣᠭᠤᠷᠢᠭ ᠤᠨ ᠬᠢᠨ ᠡᠯ᠎ᠡ ᠵᠦᠢᠯ ᠤᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯᠯᠠᠭ᠎ᠠ ᠶᠢ ᠥᠷᠨᠢᠭᠦᠯᠵᠦ᠂ ᠬᠠᠷᠢᠶᠠᠲᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠪᠣᠳᠠᠲᠠᠢ ᠠᠮᠢᠳᠤᠷᠠᠯ ᠳᠤᠮᠳᠠ ᠲᠤᠯᠭᠠᠷᠠᠭᠰᠠᠨ ᠬᠦᠴᠢᠷᠳᠡᠯ ᠢ ᠢᠳᠡᠪᠬᠢᠲᠡᠢ ᠪᠠᠷ ᠰᠢᠢᠳᠪᠦᠷᠢᠯᠡᠨ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠴᠢᠩ ᠰᠡᠳᠬᠢᠯ ᠤᠨ ᠬᠠᠯᠠᠮᠵᠢᠯᠠᠯ ᠢ ᠬᠦᠷᠲᠡᠭᠡᠵᠦ᠂ ᠬᠠᠷᠢᠶᠠᠲᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠪᠠ ᠵᠣᠯ ᠵᠢᠷᠭᠠᠯ ᠤᠨ ᠲᠥᠷᠥᠭᠳᠡᠯ ᠢ ᠦᠨᠡᠨ ᠬᠦ ᠨᠡᠮᠡᠭᠳᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠨᠠᠩ ᠰᠠᠶᠢᠲᠤᠷ ᠠᠬᠢᠭᠤᠯᠤᠨ᠎ᠠ᠃
 
ᠢᠷᠡᠯᠲᠡ᠄ ᠰᠢᠩ ᠭᠤᠸᠠᠩ ᠨᠡᠶᠢᠭᠡᠮ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号