【ᠴᠠᠭᠠᠨ ᠰᠠᠷ᠎ᠠ ᠶᠢᠨ ᠪᠠᠶᠠᠷ ᠢ ᠤᠭᠲᠤᠵᠤ ᠢᠷᠦᠭᠡᠯ ᠳᠡᠪᠰᠢᠭᠦᠯᠪᠡ】 ᠪᠥᠸᠧ ᠶᠤᠸᠠᠨ ᠺᠣᠮᠫᠠᠨᠢ ᠴᠠᠭᠠᠨ ᠰᠠᠷ᠎ᠠ ᠶᠢᠨ ᠦᠨᠳᠦᠰᠦᠨ ᠱᠠᠲᠤᠨ ᠤ ᠲᠣᠬᠤᠨᠢᠭᠤᠯᠤᠯ ᠵᠢᠴᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/2/8
      ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠲᠠ ᠶᠢᠨ ᠲᠣᠭᠤᠷᠢᠭ ᠤᠨ ᠤᠰᠤ ᠬᠠᠩᠭᠠᠬᠤ ᠪᠠᠲᠤᠯᠠᠭ᠎ᠠ‌‍ᠶᠢ ᠦᠨᠡᠨᠬᠦ ᠪᠥᠸᠧ ᠶᠤᠸᠠᠨ ᠺᠣᠮᠫᠠᠨᠢ ᠤᠷᠢᠳᠴᠢᠯᠠᠨ ᠲᠥᠯᠥᠪᠯᠡᠵᠦ᠂ ᠦᠨᠳᠦᠰᠦᠨ ᠱᠠᠲᠤᠨ ᠤ ᠲᠣᠬᠤᠨᠢᠭᠤᠯᠬᠤ ᠠᠵᠢᠯᠯᠠᠭ᠎ᠠ ᠵᠢᠴᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠪᠦᠬᠦ ᠲᠠᠯ᠎ᠠ ᠪᠠᠷ ᠥᠷᠨᠢᠭᠦᠯᠵᠦ᠂ ᠣᠶᠢᠷ᠎ᠠ ᠶᠢᠨ ᠡᠳᠦᠷ᠂ ᠪᠥᠸᠧ ᠶᠤᠸᠠᠨ ᠺᠣᠮᠫᠠᠨᠢ ᠶᠢᠨ ᠨᠠᠮ ᠤᠨ ᠡᠭᠦᠷ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠴᠢᠤᠸᠠᠨ ᠤ ᠳᠠᠭᠠᠭᠤᠯᠭ᠎ᠠ ᠪᠠᠷ᠂ ᠤᠷᠢᠳ ᠬᠤᠵᠢᠳ ᠲᠡᠯᠢᠩ ᠣᠷᠳᠣᠨ᠂ ᠠᠢ ᠪᠦ᠋ ᠭᠠᠢ᠂ ᠡᡁᠸ ᠱᠦᠢ ᠶᠤᠸᠠᠨ᠂ ᠪᠠᠢ ᠱᠦᠢ ᠶᠤᠸᠠᠨ ᠵᠡᠷᠭᠡ ᠭᠠᠵᠠᠷ ᠲᠤ ᠬᠦᠷᠴᠦ᠂ ᠤᠰᠤ ᠬᠠᠩᠭᠠᠬᠤ ᠨᠢᠭᠡᠳᠦᠭᠡᠷ ᠹᠷᠣᠨᠲ ᠢ ᠪᠠᠲᠤ ᠰᠠᠬᠢᠵᠤ ᠪᠠᠶᠢᠭ᠎ᠠ ᠦᠷᠳᠡᠭᠡ ᠭᠠᠵᠠᠷ ᠤᠨ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠤ ᠭᠡᠷ ᠪᠦᠯᠢ ᠶᠢᠨ ᠬᠢᠨ ᠳᠤ ᠬᠠᠮᠤᠭ ᠤᠨ ᠴᠢᠩ ᠰᠡᠳᠬᠢᠯ ᠤᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃
    ᠲᠣᠬᠤᠨᠢᠭᠤᠯᠬᠤ ᠶᠠᠪᠤᠴᠠ ᠳᠤ᠂ ᠸᠠᠩ ᠴᠢᠤᠸᠠᠨ ᠠᠵᠢᠯᠲᠠᠳ ᠤᠨ ᠠᠵᠢᠯ᠂ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠡᠯ᠎ᠡ ᠦᠷᠳᠡᠭᠡ ᠭᠠᠵᠠᠷ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷ ᠤᠨ ᠲᠣᠬᠢᠷᠠᠭᠤᠯᠤᠯᠲᠠ᠂ ᠠᠶᠤᠯᠭᠦᠢ ᠦᠢᠯᠡᠳᠪᠦᠷᠢᠯᠡᠯ ᠵᠢᠴᠢ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠤᠯᠠᠨ ᠢ ᠰᠢᠨ᠎ᠡ ᠨᠢᠭᠡ ᠵᠢᠯ ᠳᠤ ᠴᠤᠭ ᠰᠦᠯᠳᠡ ᠪᠠᠨ ᠪᠠᠳᠠᠷᠠᠭᠤᠯᠵᠤ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠴᠣ᠋ ᠰᠢᠨ᠎ᠡ ᠳᠦᠷᠰᠦ ᠪᠠᠶᠢᠳᠠᠯ ᠢᠶᠠᠷ ᠤᠰᠤ ᠬᠠᠩᠭᠠᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠪᠠ᠃      ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠬᠦ ᠶᠠᠪᠤᠴᠠ ᠳᠤ᠂ ᠸᠠᠩ ᠴᠢᠤᠸᠠᠨ᠄ ᠨᠢᠭᠡ ᠳᠤ᠂ ᠴᠠᠭᠠᠨ ᠰᠠᠷ᠎ᠠ ᠶᠢᠨ ᠤᠰᠤ ᠬᠠᠩᠭᠠᠬᠤ ᠬᠡᠮᠵᠢᠶ᠎ᠡ ᠶᠢᠨ ᠨᠡᠮᠡᠭᠳᠡᠯ ᠵᠢᠴᠢ ᠮᠠᠭᠤ ᠴᠠᠭ ᠠᠭᠤᠷ ᠤᠨ ᠨᠥᠯᠥᠭᠡ ᠶᠢᠨ ᠡᠮᠦᠨ᠎ᠡ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠷᠢᠭᠤᠴᠠᠯᠭ᠎ᠠ ᠪᠠᠨ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠪᠠᠴᠢᠮ ᠪᠠᠶᠢᠳᠠᠯ ᠢ ᠠᠷᠭᠠᠴᠠᠬᠤ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠪᠠᠬᠢᠯᠡᠯᠲᠡ ᠪᠠᠨ ᠴᠢᠩᠳᠠᠯᠠᠵᠤ ᠴᠠᠰᠤ ᠣᠷᠣᠬᠤ ᠶᠠᠪᠤᠴᠠ ᠳᠤ ᠤᠰᠤ ᠬᠠᠩᠭᠠᠬᠤ ᠠᠮᠤᠷ ᠲᠦᠪᠰᠢᠨ ᠤ ᠪᠡᠯᠡᠳᠬᠡᠯ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ︔ ᠬᠤᠶᠠᠷ ᠲᠤ ᠲᠥᠬᠦᠭᠡᠷᠦᠮᠵᠢ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠪᠳᠤᠨ ᠵᠠᠰᠠᠬᠤ ᠡᠩᠨᠡᠭᠡ ᠶᠢ 24 ᠴᠠᠭ ᠢᠶᠠᠷ ᠵᠠᠷᠯᠢᠭ ᠬᠦᠯᠢᠶᠡᠯᠭᠡᠵᠦ ᠂ ᠡᠯ᠎ᠡ ᠲᠥᠷᠥᠯ ᠤᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠨᠢᠭᠲᠠ ᠮᠥᠷᠳᠡᠵᠦ᠂ ᠤᠰᠤ ᠬᠠᠩᠭᠠᠬᠤ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ︔ ᠭᠤᠷᠪᠠ ᠳᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠵᠢᠯᠲᠠᠳ ᠢ ᠬᠠᠯᠠᠮᠵᠢᠯᠠᠨ ᠬᠠᠶᠢᠷᠠᠯᠠᠬᠤ ᠠᠵᠢᠯ ᠢ ᠰᠠᠶᠢᠲᠤᠷ ᠬᠢᠵᠦ᠂ ᠤᠰᠤ ᠬᠠᠩᠭᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠡᠮᠦᠨ᠎ᠡ ᠹᠷᠣᠨᠲ ᠲᠤ ᠣᠴᠢᠵᠤ ᠵᠢᠯᠤᠭᠤᠳᠴᠤ᠂ ᠤᠰᠤ ᠬᠠᠩᠭᠠᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠴᠠᠭ ᠲᠤᠬᠠᠢ ᠎ ᠳᠤᠨᠢ ᠢᠯᠡᠷᠡᠭᠦᠯᠦᠨ ᠰᠢᠢᠳᠪᠦᠷᠢᠯᠡᠵᠦ᠂ ᠠᠵᠢᠯᠲᠠᠳ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ︔ ᠳᠥᠷᠪᠡ ᠳᠤ᠂ ︽ᠡᠪᠦᠯ ᠤᠨ ᠤᠯᠠᠷᠢᠯ ᠤᠨ ᠳᠥᠷᠪᠡ ᠶᠢ ᠰᠡᠷᠭᠡᠶᠢᠯᠡᠬᠦ︾ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠤᠰᠤ ᠬᠠᠩᠭᠠᠬᠤ ᠪᠠ ᠠᠵᠢᠯᠲᠠᠨ ᠤ ᠪᠡᠶ᠎ᠡ ᠶᠢᠨ ᠠᠮᠤᠷ ᠲᠦᠪᠰᠢᠨ ᠢ ᠪᠠᠲᠤᠯᠠᠨ᠎ᠠ᠃
     ᠡᠷᠬᠢᠨ ᠦᠵᠡᠵᠦ ᠲᠣᠬᠤᠨᠢᠭᠤᠯᠬᠤ ᠨᠢ ᠭᠦᠨ ᠵᠤᠵᠠᠭᠠᠨ ᠬᠠᠯᠠᠭᠤᠨ ᠰᠡᠳᠬᠢᠯ ᠢ ᠳᠠᠮᠵᠢᠭᠤᠯᠵᠠᠢ︔ ᠬᠦᠰᠡᠯ ᠵᠥᠩᠨᠡᠯ ᠨᠢ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠨᠢᠭᠲᠠᠷᠠᠭᠤᠯᠵᠤ ᠪᠠᠶᠢᠳᠠᠭ᠃ ᠥᠷᠭᠡᠨ ᠤᠯᠠᠨ ᠠᠵᠢᠯᠲᠠᠳ᠂ ᠰᠢᠨ᠎ᠡ ᠨᠢᠭᠡ ᠵᠢᠯ ᠳᠤ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠬᠠᠲᠠᠭᠤ ᠴᠢᠩᠭ᠎ᠠ ᠰᠤᠷᠲᠠᠯ ᠢᠶᠠᠷ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠤᠰᠤ ᠬᠠᠩᠭᠠᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠪᠥᠸᠧ ᠶᠤᠸᠠᠨ ᠺᠣᠮᠫᠠᠨᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号