ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠣᠭᠲᠠᠭᠠᠯ ᠎ ᠠᠴᠠ ᠵᠥᠷᠢᠴᠡᠨ ᠵᠣᠭᠰᠤᠭᠠᠬᠤ ᠵᠢᠴᠢ ᠴᠠᠬᠢᠯᠭᠠᠨ ᠴᠡᠨᠡᠭᠯᠡᠬᠦ ᠠᠮᠤᠷ ᠲᠦᠪᠰᠢᠨ ᠤ ᠬᠡᠮ ᠰᠣᠭᠤᠭ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠠᠮᠲᠤᠷᠠᠭᠰᠠᠨ ᠠᠵᠢᠯᠯᠠᠭ᠎ᠠ ᠶᠢ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/1
       ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠭᠠᠯ ᠠᠯᠳᠠᠭᠰᠠᠨ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ ᠣᠶᠢᠷ᠎ᠠ ᠳᠤ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠤᠰᠬᠠᠢ ᠴᠡᠭᠴᠡᠯᠡᠨ ᠵᠠᠰᠠᠬᠤ ᠳᠤᠭᠤᠶᠢᠯᠠᠩ ᠪᠠᠶᠢᠭᠤᠯᠵᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠣᠭᠲᠠᠭᠠᠯ  ᠎ ᠠᠴᠠ ᠵᠥᠷᠢᠴᠡᠨ ᠵᠣᠭᠰᠤᠭᠠᠬᠤ ᠵᠢᠴᠢ ᠴᠠᠬᠢᠯᠭᠠᠨ ᠴᠡᠨᠡᠭᠯᠡᠬᠦ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃
    ᠲᠤᠰ ᠤᠳᠠᠭᠠᠨ ᠤ ᠬᠠᠮᠲᠤᠷᠠᠨ ᠴᠡᠭᠴᠡᠯᠡᠨ ᠵᠠᠰᠠᠬᠤ ᠠᠵᠢᠯᠯᠠᠭ᠎ᠠ ᠳᠤ᠂ ︽ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ︾ ᠠᠷᠭ᠎ᠠ ᠶᠢ ᠠᠪᠴᠤ᠂ ᠬᠠᠷᠢᠶᠠᠲᠤ ᠣᠷᠣᠨ ᠤ 5 ᠳ᠋ᠤᠭᠠᠷ ᠨᠣᠮᠧᠷᠲᠤ ᠠᠰᠠᠷ᠂ 9 ᠳ᠋ᠦᠭᠡᠷ ᠨᠣᠮᠧᠷᠲᠤ ᠠᠰᠠᠷ᠂ 2 ᠳ᠋ᠤᠭᠠᠷ ᠨᠣᠮᠧᠷᠲᠤ ᠠᠰᠠᠷ ᠵᠡᠷᠭᠡ ᠣᠯᠠᠨ ᠬᠠᠭᠤᠴᠢᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ ᠣᠷᠣᠵᠤ ᠡᠷᠦᠬᠡ ᠳᠤ ᠣᠷᠣᠬᠤ︾᠂ ︽ᠬᠥᠮᠥᠨ ᠲᠡᠷᠭᠡ ᠨᠢᠭᠡ ᠥᠷᠥᠭᠡᠨ ᠳᠤ ᠰᠠᠭᠤᠬᠤ︾᠂ ︽ᠨᠢᠰᠬᠦ ᠤᠲᠠᠰᠤ ᠪᠠᠷ ᠴᠠᠬᠢᠯᠭᠠᠨ ᠴᠡᠨᠡᠭᠯᠡᠬᠦ︾ ᠵᠡᠷᠭᠡ ᠲᠣᠪᠣᠶᠢᠮ᠎ᠠ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠲᠣᠭᠲᠠᠭᠠᠯ  ᠎ ᠠᠴᠠ ᠵᠥᠷᠢᠴᠡᠨ ᠵᠣᠭᠰᠣᠭᠠᠵᠤ ᠡᠵᠡᠯᠡᠨ ᠬᠡᠷᠡᠭᠯᠡᠭᠰᠡᠨ᠂ ᠲᠠᠷᠬᠠᠭᠠᠬᠤ ᠵᠠᠮ ᠢ ᠪᠥᠭᠯᠡᠭᠰᠡᠨ᠂ ᠠᠮᠤᠷ ᠲᠦᠪᠰᠢᠨ ᠭᠠᠷᠬᠤ ᠡᠭᠦᠳᠡ ᠶᠢ ᠪᠥᠭᠯᠡᠭᠰᠡᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠬᠠᠤᠯᠢ ᠶᠣᠰᠣᠭᠠᠷ ᠴᠡᠪᠡᠷᠯᠡᠨ ᠨᠡᠭᠦᠯᠭᠡᠬᠦ ᠶᠢᠨ ᠬᠠᠮᠲᠤ ᠥᠮᠴᠢᠲᠡᠨ ᠳᠤ ᠠᠮᠤᠷ ᠲᠦᠪᠰᠢᠨ ᠤ ᠬᠥᠮᠦᠵᠢᠯ ᠵᠢᠯᠣᠭᠤᠳᠤᠯᠭ᠎ᠠ ᠬᠢᠪᠡ᠃
     ᠳᠠᠷᠠᠭᠠᠴᠢ ᠶᠢᠨ ᠠᠯᠬᠤᠮ ᠳᠤ᠂ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠤᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠲᠣᠭᠤᠷᠢᠭ ᠢ ᠢᠯᠠᠩᠭᠤᠶ᠎ᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠠᠮᠤᠷ ᠲᠦᠪᠰᠢᠨ ᠤ ᠤᠬᠠᠭᠤᠯᠭ᠎ᠠ ᠪᠠ ᠬᠥᠮᠦᠵᠢᠯ ᠬᠢᠵᠦ᠂ ᠠᠰᠠᠭᠤᠳᠠᠯ ᠲᠣᠪᠣᠶᠢᠮ᠎ᠠ ᠪᠠᠶᠢᠭ᠎ᠠ ᠵᠢᠵᠢᠭ ᠲᠣᠭᠤᠷᠢᠭ ᠲᠤ ᠲᠣᠭᠲᠠᠭᠠᠯ  ᠎ ᠠᠴᠠ ᠵᠥᠷᠢᠴᠡᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠣᠭᠰᠣᠭᠠᠵᠤ ᠴᠠᠬᠢᠯᠭᠠᠨ ᠴᠡᠨᠡᠭᠯᠡᠬᠦ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠷᠢᠶᠠᠲᠤ ᠣᠷᠣᠨ ᠤ ᠵᠢᠵᠢᠭ ᠲᠣᠭᠤᠷᠢᠭ ᠤᠨ ᠣᠷᠣᠨ ᠰᠠᠭᠤᠴᠠ ᠶᠢ 3 ︱ 5 ᠡᠳᠦᠷ ᠲᠤ ᠨᠢᠭᠡ ᠤᠳᠠᠭ᠎ᠠ ᠪᠠᠶᠢᠴᠠᠭᠠᠵᠤ᠂ ᠲᠣᠭᠲᠠᠭᠠᠯ  ᠎ ᠠᠴᠠ ᠵᠥᠷᠢᠴᠡᠨ ᠴᠠᠬᠢᠯᠭᠠᠨ ᠴᠡᠨᠡᠭᠯᠡᠭᠰᠡᠨ ᠪᠠ ᠲᠣᠭᠲᠠᠭᠠᠯ  ᠎ ᠠᠴᠠ ᠵᠥᠷᠢᠴᠡᠨ ᠴᠠᠬᠢᠯᠭᠠᠨ ᠴᠡᠨᠡᠭᠯᠡᠭᠰᠡᠨ ᠠᠰᠠᠭᠤᠳᠠᠯ ᠢ ᠡᠷᠡᠰ ᠦᠨᠳᠦᠰᠦᠨ ᠠᠴᠠ ᠨᠢ ᠵᠠᠰᠠᠬᠤ ᠶᠢᠨ ᠬᠠᠮᠲᠤ ᠠᠳᠠᠯ ᠠᠬᠤᠢ ᠶᠢᠨ ᠠᠵᠤ ᠠᠬᠤᠶᠢᠯᠠᠯ ᠢ ᠰᠢᠪᠠᠳᠠᠵᠤ ᠪᠠᠶᠢᠭᠠᠳ ᠣᠶᠤᠨᠲᠤ ᠴᠠᠬᠢᠯᠭᠠᠨ ᠴᠡᠨᠡᠭᠯᠡᠬᠦ ᠱᠣᠩ ᠨᠡᠮᠡᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠡᠶ᠎ᠡ ᠵᠣᠬᠢᠴᠠᠯ ᠲᠠᠢ ᠠᠮᠤᠷ ᠲᠦᠪᠰᠢᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号