ᠪᠠᠶᠠᠨ᠋ᠣ᠋ᠪᠣᠭ᠎ᠠ᠄ ᠨᠢᠭᠡᠨ ᠭᠤᠣᠯ ᠰᠢᠵᠢᠮ ᠢ ᠪᠦᠬᠦ ᠲᠠᠯ᠎ᠠ ᠪᠠᠷ ᠳᠡᠯᠭᠡᠷᠡᠭᠦᠯᠪᠡ
ᠨᠡᠶᠢᠲᠡᠯᠡᠭᠰᠡᠨ ᠴᠠᠭ᠄
2024/3/12
     2 ᠰᠠᠷ᠎ᠠ ᠶᠢᠨ 29᠎ ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠢᠨ ᠬᠥᠬᠡ ᠯᠣᠣ ᠵᠢᠯ ᠤᠨ ᠡᠬᠢᠯᠡᠯᠲᠡ ᠶᠢᠨ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠵᠦ᠂ ᠰᠤᠷᠤᠯᠴᠠᠯᠭ᠎ᠠ ᠶᠢᠨ ᠭᠤᠣᠯ ᠰᠡᠳᠦᠪ ᠨᠢ ᠳᠠᠷᠤᠢ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠣᠨᠣᠯ ᠤᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠪᠠᠢ ᠬᠠᠢ ᠶᠠᠨ ᠢ ᠤᠷᠢᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃
      2023 ᠣᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠄︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ︾ᠭᠡᠵᠦ ᠭᠦᠨᠵᠡᠭᠡᠢ ᠵᠢᠭᠠᠵᠤ ᠭᠠᠷᠭᠠᠪᠠ᠃ ᠡᠨᠡ ᠬᠦ ᠴᠢᠬᠤᠯᠠ ᠶᠡᠭᠡ ᠨᠤᠲᠠᠯᠠᠯᠲᠠ ᠨᠢ ᠨᠠᠮ ᠤᠨ ᠦᠨᠳᠦᠰᠦᠲᠡᠨ ᠤ ᠠᠵᠢᠯ ᠤᠨ ᠤᠷᠤᠭᠰᠢᠯᠠᠯᠲᠠ ᠶᠢᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠢ ᠵᠢᠭᠠᠵᠤ ᠥᠭᠭᠦᠭᠰᠡᠨ ᠢᠶᠠᠷ ᠪᠠᠷᠠᠬᠤ ᠦᠭᠡᠢ᠂ ᠪᠠᠰᠠ ᠦᠨᠳᠦᠰᠦᠲᠡᠨ ᠤ ᠣᠷᠣᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠬᠦ᠂︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠥᠨᠳᠥᠷᠴᠡ ᠎ ᠠᠴᠠ ᠶᠠᠮᠠᠷᠪᠠ ᠠᠰᠠᠭᠤᠳᠠᠯ ᠢ ᠪᠣᠳᠣᠯᠬᠢᠯᠠᠬᠤ᠂ ᠶᠠᠮᠠᠷᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠶᠠᠮᠠᠷᠪᠠ ᠠᠵᠢᠯ ᠢ ᠬᠢᠬᠦ ᠳᠤ ᠴᠥᠮ ᠡᠨᠡᠬᠦ ᠭᠤᠣᠯ ᠱᠤᠭᠤᠮ ᠤᠨ ᠲᠣᠭᠤᠷᠢᠨ ᠳᠤ ᠥᠷᠨᠢᠭᠦᠯᠬᠦ ᠶᠢ ᠢᠮᠠᠭᠲᠠ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠡᠯ᠎ᠡ ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠬᠥᠳᠡᠯᠦᠯᠴᠡᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠨᠠᠮ ᠤᠨ ᠪᠠᠶᠢᠭᠤᠯᠤᠯᠲᠠ ᠵᠡᠷᠭᠡ ᠬᠦᠷᠢᠶᠡᠨ ᠳᠤ ᠠᠯᠢ ᠤᠯᠠᠨ ᠠᠵᠢᠯ ᠢ ᠥᠷᠨᠢᠭᠦᠯᠵᠡᠢ᠃      ᠤᠯᠤᠰ ᠲᠤᠶᠢᠷᠦ ᠶᠢᠨ ᠳᠡᠭᠡᠳᠦ ᠬᠡᠮᠵᠢᠶᠡᠨ ᠠᠴᠠ ᠡᠨᠡ ᠬᠦ ᠭᠤᠣᠯ ᠰᠢᠵᠢᠮ ᠢ ᠲᠠᠨᠢᠵᠤ ᠡᠵᠡᠮᠰᠢᠬᠦ ᠬᠡᠷᠡᠭᠲᠡᠢ      ᠤᠯᠤᠰ ᠲᠦᠷᠦ ᠶᠢ ᠡᠷᠬᠢᠮᠯᠡᠬᠦ ᠱᠠᠭᠠᠷᠳᠠᠯᠭ᠎ᠠ ᠮᠠᠰᠢ ᠤᠯᠠᠨ ᠪᠠᠶᠢᠳᠠᠭ᠂ ᠦᠨᠳᠦᠰᠦᠲᠡᠨ ᠤ ᠭᠠᠵᠠᠷ ᠣᠷᠣᠨ ᠳᠤ ᠠᠪᠴᠤ ᠬᠡᠯᠡᠪᠡᠯ᠂ ᠲᠤᠶᠢᠯ ᠤᠨ ᠴᠢᠬᠤᠯᠠ ᠨᠢᠭᠡ ᠵᠤᠷᠪᠤᠰ ᠪᠣᠯ ᠳᠠᠷᠤᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠡᠨᠡ ᠬᠦ ᠭᠤᠣᠯ ᠰᠢᠵᠢᠮ ᠢ ᠤᠬᠠᠮᠰᠠᠷ ᠠᠴᠠ ᠪᠠᠨ ᠡᠷᠡᠰ ᠲᠤᠭᠤᠰᠢᠯᠠᠭᠤᠯᠬᠤ ᠶᠠᠪᠤᠳᠠᠯ ᠪᠣᠯᠣᠨ᠎ᠠ᠃ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠡᠯ᠎ᠡ ᠱᠠᠲᠤᠨ ᠤ ᠪᠠᠶᠢᠭᠤᠯᠤᠯᠭ᠎ᠠ ᠶᠢᠨ ᠬᠢᠨ ᠤᠯᠤᠰ ᠲᠦᠷᠦ ᠶᠢᠨ ᠪᠠᠶᠢᠭᠤᠯᠤᠯᠭ᠎ᠠ ᠶᠢᠨ ᠨᠢᠭᠡᠳᠦᠭᠡᠷ ᠰᠢᠨᠵᠢ ᠴᠢᠨᠠᠷ ᠢ ᠪᠠᠲᠤ ᠴᠡᠭᠡᠵᠢᠯᠡᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠰᠠᠶᠢᠲᠤᠷ ᠭᠦᠢᠴᠡᠳᠬᠡᠵᠦ᠂ ᠡᠨᠡᠬᠦ ᠭᠤᠣᠯ ᠰᠢᠵᠢᠮ ᠢ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠦᠷᠦ ᠶᠢᠨ ᠪᠣᠳᠣᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠦᠬᠦ ᠶᠠᠪᠤᠴᠠ ᠶᠢᠨ ᠡᠯ᠎ᠡ ᠲᠠᠯ᠎ᠠ ᠳᠤ ᠡᠷᠡᠰ ᠲᠤᠤᠱᠯᠠᠭᠤᠯᠵᠤ᠂ ᠠᠯᠢᠪᠠ ᠠᠵᠢᠯ ᠢ ᠴᠥᠮ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠡᠨᠡᠬᠦ ᠭᠤᠣᠯ ᠰᠢᠵᠢᠮ ᠠᠴᠠ ᠥᠴᠥᠬᠡᠨ ᠴᠦ ᠵᠠᠶᠢᠳᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠢ ᠰᠤᠷᠤᠯᠴᠠᠯᠭ᠎ᠠ ᠬᠥᠮᠦᠵᠢᠯ ᠢ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠵᠤ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠡᠳᠦᠷ ᠲᠤᠳᠤᠮ ᠤᠨ ᠪᠣᠯᠪᠠᠰᠤᠷᠠᠭᠤᠯᠤᠯ ᠬᠢᠬᠦ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠤᠯᠴᠠᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠤᠢ ᠪᠦᠬᠦᠢ ᠺᠠᠳ᠋ᠷᠴᠤᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠭᠦᠨᠵᠡᠭᠡᠢ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠰᠠᠶᠢᠲᠤᠷ ᠠᠳᠬᠤᠬᠤ ᠪᠣᠯᠭᠠᠬᠤ ᠬᠡᠷᠡᠭᠲᠡᠢ᠃      ᠡᠯ᠎ᠡ ᠰᠠᠯᠠᠭ᠎ᠠ ᠮᠥᠴᠢᠷ ᠤᠨ ᠭᠤᠣᠯ ᠱᠤᠭᠤᠮ ᠢ ᠲᠤᠤᠱᠯᠠᠭᠤᠯᠬᠤ ᠬᠠᠷᠢᠭᠤᠴᠠᠯᠭ᠎ᠠ ᠶᠢ ᠴᠢᠩᠭ᠎ᠠ ᠠᠳᠬᠤᠵᠤ ᠪᠣᠳᠠᠲᠠᠶᠢᠵᠢᠭᠤᠯᠤᠨ᠎ᠠ      ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠱᠠᠭᠠᠷᠳᠠᠭᠰᠠᠨ ᠨᠢ᠂ ᠣᠷᠣᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠬᠢᠨ ᠡᠯ᠎ᠡ ᠵᠦᠢᠯ ᠤᠨ ᠠᠵᠢᠯ ᠢ ᠲᠤᠤᠱᠯᠠᠭᠤᠯᠬᠤ ᠭᠤᠣᠯ ᠱᠤᠭᠤᠮ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠢᠨᠠᠨ ᠬᠠᠷᠭᠤᠭᠤᠯᠵᠤ ᠪᠣᠭᠤᠮᠲᠠ ᠰᠠᠬᠢᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠪᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠳᠠᠩᠰᠠᠯᠠᠵᠤ ᠬᠢᠨᠠᠨ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠨᠢ ᠦᠨᠳᠦᠰᠦᠲᠡᠨ ᠤ ᠠᠵᠢᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠢᠵᠢᠮ ᠢ ᠲᠤᠤᠱᠯᠠᠭᠤᠯᠤᠨ ᠪᠠᠬᠢᠵᠢᠭᠦᠯᠵᠦ ᠪᠠᠶᠢᠭ᠎ᠠ ᠪᠠᠶᠢᠳᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠭᠠᠨ ᠪᠠ ᠴᠢᠬᠤᠯᠠ ᠶᠡᠭᠡ ᠬᠡᠷᠡᠭ ᠶᠠᠪᠤᠳᠠᠯ ᠢ ᠠᠬᠢᠭᠤᠯᠬᠤ ᠶᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠰᠢᠨ᠎ᠡ ᠪᠠᠷ ᠲᠣᠭᠲᠠᠭᠠᠭᠰᠠᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠤᠷᠢᠳᠠᠴᠢ ᠬᠢᠨᠠᠨ ᠬᠠᠷᠭᠤᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ‌ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾᠎ ᠢ ᠲᠤᠤᠱᠯᠠᠭᠤᠯᠤᠭᠰᠠᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠲᠤᠤᠱᠯᠠᠭᠤᠯᠬᠤ ᠶᠢ ᠡᠯ᠎ᠡ ᠰᠠᠯᠠᠭ᠎ᠠ ᠮᠥᠴᠢᠷ ᠨᠢᠭᠡᠴᠡ ᠶᠢᠨ︽ᠭᠤᠷᠪᠠ ᠶᠢ ᠲᠣᠭᠲᠠᠭᠠᠬᠤ︾ᠲᠥᠰᠥᠯ ᠳᠤ ᠣᠷᠣᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠭᠤᠰᠤᠯᠴᠠᠭᠤᠯᠬᠤ ᠬᠡᠷᠡᠭᠲᠡᠢ᠃ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠥᠪᠡᠷ ᠤᠨ ᠬᠠᠷᠢᠯᠴᠠᠵᠤ ᠪᠠᠶᠢᠭ᠎ᠠ ᠤᠯᠠᠨ ᠲᠦᠮᠡᠨ ᠤ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠵᠣᠬᠢᠶᠠᠨ ᠪᠠᠶᠢᠭᠤᠯᠤᠯᠲᠠ ᠶᠢᠨ ᠳᠠᠶᠢᠴᠢᠯᠠᠯᠲᠠ ᠪᠠ ᠬᠥᠮᠦᠵᠢᠯ ᠵᠢᠯᠣᠭᠤᠳᠤᠯᠭ᠎ᠠ ᠪᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠮᠰᠠᠷ ᠢ ᠡᠯ᠎ᠡ ᠠᠵᠢᠯ ᠲᠦᠷᠦᠯ ᠤᠨ ᠳᠦᠷᠢᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠪᠠ ᠬᠤᠳᠠ ᠶᠢᠨ ᠠᠷᠠᠳ ᠤᠨ ᠨᠡᠶᠢᠲᠡ ᠶᠢᠨ ᠭᠡᠷ᠎ᠡ ᠳᠤ ᠪᠢᠴᠢᠵᠦ ᠣᠷᠣᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠠᠵᠤ ᠠᠬᠤᠶᠢᠯᠠᠯ ᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠳᠦᠷᠢᠮ ᠲᠣᠭᠲᠠᠭᠠᠯ ᠳᠠᠭᠠᠨ ᠪᠢᠴᠢᠵᠦ ᠣᠷᠣᠭᠤᠯᠬᠤ ᠬᠡᠷᠡᠭᠲᠡᠢ᠃      ᠳᠤᠮᠳᠠᠳᠤ  ᠎ ᠶᠢᠨ ᠦᠨᠳᠦᠰᠦᠲᠡᠨ ᠤ ᠬᠠᠮᠲᠤ  ᠎ ᠶᠢᠨ ᠴᠣᠭᠴᠠ  ᠎ ᠶᠢᠨ ᠤᠬᠠᠮᠰᠠᠷ  ᠎ ᠢ ᠪᠤᠶ ᠪᠣᠯᠭᠠᠵᠤ ᠠᠵᠤ ᠠᠬᠤᠢ ᠨᠡᠶᠢᠭᠡᠮ ᠤᠨ      ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠎ ᠬᠢᠨ ᠣᠨ ᠤ ᠠᠵᠢᠯ ᠤᠨ ᠲᠥᠯᠥᠪᠯᠡᠭᠡ ᠲᠣᠭᠲᠠᠭᠠᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠴᠢᠬᠤᠯᠠ ᠠᠭᠤᠯᠭ᠎ᠠ ᠪᠣᠯᠭᠠᠨ ᠵᠢᠭᠰᠠᠭᠠᠵᠤ᠂ ᠪᠣᠳᠠᠲᠠᠢ ᠠᠵᠢᠯ ᠲᠠᠢ ᠨᠢᠭᠲᠠ ᠤᠶᠠᠯᠳᠤᠭᠤᠯᠵᠤ᠂ ᠪᠠᠶᠢᠩᠭᠤᠵᠢᠭᠰᠠᠨ ᠳᠦᠷᠢᠮᠵᠢᠯ ᠲᠠᠢ ᠪᠠᠷ ᠡᠨᠡᠬᠦ ᠠᠵᠢᠯ ᠢ ᠠᠳᠬᠤᠬᠤ ᠬᠡᠷᠡᠭᠲᠡᠢ ᠭᠡᠵᠡᠢ᠃ ᠵᠠᠰᠠᠭ ᠤᠨ ᠣᠷᠳᠣᠨ ᠤ ᠠᠯᠪᠠᠨ ᠭᠡᠷ ᠨᠢ ᠴᠢᠬᠤᠯᠠ ᠶᠡᠭᠡ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠬᠤ ᠭᠤᠣᠯ ᠰᠢᠵᠢᠮ ᠢ ᠬᠢᠨᠠᠨ ᠬᠠᠷᠭᠤᠭᠤᠯᠬᠤ ᠲᠣᠭᠲᠠᠴᠠ ᠶᠢ ᠪᠠᠶᠢᠭᠤᠯᠵᠤ᠂ ᠦᠨᠡᠯᠡᠨ ᠵᠢᠱᠢᠵᠦ ᠪᠣᠭᠤᠮᠲᠠ ᠰᠠᠬᠢᠬᠤ ᠶᠢ ᠴᠢᠩᠭᠠᠳᠬᠠᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠨᠳᠦᠰᠦᠲᠡᠨ ᠤ ᠲᠥᠷᠥ ᠶᠢᠨ ᠪᠣᠳᠣᠯᠭ᠎ᠠ ᠯᠤᠭ᠎ᠠ ᠠᠳᠠᠯᠢ ᠴᠢᠭᠯᠡᠯ ᠢᠶᠠᠷ ᠬᠦᠴᠦᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ ᠪᠦᠷᠢᠯᠳᠦᠭᠦᠨ ᠨᠢᠭᠡᠴᠡ ᠪᠣᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠲᠦᠷᠦᠯ ᠤᠨ ᠲᠥᠯᠦᠪᠵᠢᠭᠦᠯᠭᠡ ᠪᠣᠯᠣᠨ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠢ ᠲᠤᠤᠱᠯᠠᠭᠤᠯᠬᠤ ᠭᠤᠣᠯ ᠱᠤᠭᠤᠮ ᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠶᠢ ᠴᠢᠩᠭᠠᠳᠬᠠᠬᠤ ᠬᠡᠷᠡᠭᠲᠡᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号