ᠠᠵᠤ ᠦᠢᠯᠡᠰ ᠤᠨ ᠪᠠᠶᠢᠷᠢᠰᠢᠭᠤᠯᠤᠯᠲᠠ ᠠᠴᠠ ᠪᠠᠶᠠᠨ᠋ᠣ᠋ᠪᠣᠭ᠎ᠠ ᠶᠢᠨ ᠬᠢᠵᠠᠭᠠᠷ ᠦᠭᠡᠢ ︽ᠵᠣᠭᠤᠰ︾ ᠎ ᠤᠨ ᠦᠵᠡᠮᠵᠢ ᠶᠢ ᠠᠵᠢᠬᠤᠢ
ᠨᠡᠶᠢᠲᠡᠯᠡᠭᠰᠡᠨ ᠴᠠᠭ᠄
2024/3/12
     ᠣᠳᠣᠬᠠᠨ ᠳᠤ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠᠷ ᠭᠤᠣᠯᠳᠠᠯᠭ᠎ᠠ ᠪᠣᠯᠭᠠᠵᠤ᠂ ᠬᠤᠪᠣᠷ ᠰᠢᠷᠣᠢ ᠶᠢ ᠠᠩᠬ᠎ᠠ ᠡᠳ᠋ᠰᠢᠭᠦᠯᠬᠦ᠂ ᠨᠢᠦᠪᠢ ᠰᠺᠠᠨᠳᠢ ᠶᠢ ᠶᠡᠷᠦᠩᠬᠡᠶᠢᠯᠡᠨ ᠠᠰᠢᠭᠯᠠᠬᠤ᠂ ᠬᠠᠶᠢᠯᠤᠭᠤᠷ ᠵᠤᠩᠰᠢ ᠶᠢ ᠶᠡᠷᠦᠩᠬᠡᠶᠢᠯᠡᠨ ᠠᠰᠢᠭᠯᠠᠬᠤ᠂ ᠺᠠᠯᠢ ᠡᠯᠪᠡᠭ ᠬᠠᠪᠲᠠᠰᠤᠨ ᠴᠢᠯᠠᠭᠤᠯᠢᠭ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠦᠳᠡᠷ ᠮᠠᠯᠲᠠᠵᠤ ᠰᠢᠯᠢᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠠᠯᠬᠤᠮ ᠠᠯᠬᠤᠮ ᠢᠶᠠᠷ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠬᠤᠪᠢᠷᠠᠭᠤᠯᠤᠨ ᠬᠡᠯᠪᠡᠷᠢ ᠶᠢ ᠨᠢ ᠬᠤᠪᠢᠷᠠᠭᠤᠯᠵᠤ᠂ ᠳᠠᠪᠠᠭᠤᠯᠢᠭ ᠠᠭᠤᠷᠬᠠᠢ ᠶᠢᠨ ᠭᠠᠷᠤᠯᠲᠠ ᠶᠢ ᠪᠦᠬᠦ ᠤᠯᠤᠰ ᠤᠨ ᠳᠡᠭᠡᠳᠦ ᠲᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠳᠤ ᠣᠷᠣᠭᠤᠯᠵᠤ᠂ ︽ᠵᠣᠭᠤᠰ︾᠎ ᠤᠨ ᠦᠵᠡᠮᠵᠢ ᠶᠢ ᠬᠢᠵᠠᠭᠠᠷ ᠦᠭᠡᠢ ᠪᠣᠯᠭᠠᠵᠤ ᠪᠠᠶᠢᠨ᠎ᠠ᠃      ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ      ᠬᠤᠪᠣᠷ ᠰᠢᠷᠣᠢ ᠶᠢᠨ ᠡᠬᠢ ᠪᠠᠶᠠᠯᠢᠭ ᠢ ᠠᠩᠬ᠎ᠠ ᠠᠯᠬᠤᠮ ᠡᠳ᠋ᠰᠢᠭᠦᠯᠬᠦ ᠠᠵᠤ ᠦᠢᠯᠡᠰ᠃ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠡᠮᠦᠨ᠎ᠡ ᠦᠵᠦᠭᠦᠷ ᠤᠨ ᠠᠵᠤ ᠦᠢᠯᠡᠰ ᠢ ᠵᠠᠯᠭᠠᠨ ᠠᠪᠴᠤ᠂ ᠪᠤᠭᠤᠲᠤ ᠬᠤᠲᠠ ᠶᠢᠨ ᠬᠤᠪᠣᠷ ᠰᠢᠷᠣᠢ ᠶᠢᠨ ᠠᠩᠬ᠎ᠠ ᠵᠡᠷᠭᠡ ᠶᠢᠨ ᠡᠳ᠋ᠰᠢᠭᠦᠯᠬᠦ ᠠᠵᠤ ᠦᠢᠯᠡᠰ ᠢ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠳᠠᠰᠢ ᠰᠢᠯᠵᠢᠭᠦᠯᠵᠦ᠂ ᠪᠤᠭᠤᠲᠤ ᠬᠤᠲᠠ ᠶᠢᠨ ᠬᠤᠪᠣᠷ ᠰᠢᠷᠣᠢ ᠶᠢᠨ ᠡᠬᠢ ᠪᠠᠶᠠᠯᠢᠭ ᠤᠨ ᠠᠩᠬ᠎ᠠ ᠵᠡᠷᠭᠡ ᠶᠢᠨ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠬᠤᠪᠣᠷ ᠰᠢᠷᠣᠢ ᠶᠢᠨ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠶᠢ ᠪᠡᠶᠡᠯᠡᠭᠦᠯᠦᠨ᠎ᠡ︔ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠪᠣᠯᠣᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠭᠡᠨ ᠤ ᠢᠵᠢ ᠪᠦᠷᠢᠳᠦᠭᠦᠯᠬᠦ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠬᠤᠪᠣᠷ ᠰᠢᠷᠣᠢ᠂ ᠲᠡᠮᠦᠷ᠂ ᠨᠢᠦᠪᠢ ᠵᠡᠷᠭᠡ ᠳᠠᠭᠠᠯᠲᠠ ᠲᠡᠮᠦᠷᠯᠢᠭ ᠢ ᠥᠨᠳᠥᠷ ᠦᠷ᠎ᠡ ᠪᠦᠲᠦᠮᠵᠢᠲᠡᠶ ᠪᠠᠷ ᠰᠠᠯᠭᠠᠬᠤ ᠶᠢ ᠪᠡᠶᠡᠯᠡᠭᠦᠯᠦᠨ᠎ᠡ︔ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠢᠳᠡᠪᠬᠢᠲᠡᠢ ᠪᠠᠷ ᠪᠣᠶᠢᠵᠢᠭᠤᠯᠤᠨ᠂ ᠬᠤᠪᠣᠷ ᠰᠢᠷᠣᠢ ᠶᠢᠨ ᠢᠰᠦᠮᠡᠭ ᠢ ᠨᠠᠷᠢᠯᠢᠭ ᠡᠳ᠋ᠰᠢᠭᠦᠯᠬᠦ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ᠂ ᠠᠵᠤ ᠠᠬᠤᠢ ᠶᠢᠨ ᠳᠠᠪᠠᠭᠤᠯᠢᠭ ᠳᠠᠰᠢ ᠬᠤᠪᠢᠷᠠᠭᠤᠯᠬᠤ ᠶᠢ ᠲᠦᠷᠭᠡᠳᠬᠡᠨ᠎ᠡ᠃      ᠬᠠᠶᠢᠯᠤᠭᠤᠷ ᠵᠤᠩᠰᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ᠃ ᠡᠯᠪᠡᠭ ᠪᠠᠶᠠᠯᠢᠭ ᠬᠠᠶᠢᠯᠤᠭᠤᠷ ᠵᠤᠩᠰᠢ ᠶᠢᠨ ᠨᠠᠷᠢᠯᠢᠭ ᠨᠤᠨᠳᠠᠭ ᠵᠢᠴᠢ ᠬᠠᠶᠢᠯᠤᠭᠤᠷ ᠵᠤᠩᠰᠢ ᠶᠢᠨ ᠠᠭᠤᠷᠬᠠᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠬᠠᠶᠢᠯᠤᠭᠤᠷ ᠵᠤᠩᠰᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠨᠡᠮᠡᠭᠳᠡᠭᠦᠯᠵᠦ᠂ ᠳᠣᠣᠷᠠᠳᠤ ᠤᠷᠤᠰᠬᠠᠯ ᠤᠨ ᠦᠢᠯᠡᠳᠬᠦᠨ ᠢ ᠤᠷᠲᠤᠳᠬᠠᠨ᠂ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠦᠲᠦᠭᠡᠨ ᠪᠠᠶᠢᠭᠤᠯᠵᠤ᠂ ᠬᠠᠶᠢᠯᠤᠭᠤᠷ ᠵᠤᠩᠰᠢ ᠶᠢᠨ ᠬᠦᠳᠡᠷ ᠰᠢᠯᠢᠬᠦ ᠵᠢᠴᠢ ᠨᠠᠷᠢᠯᠢᠭ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠤᠨ ᠪᠦᠲᠦᠭᠡᠵᠦ᠂ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠪᠠ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃      ᠺᠠᠯᠢ ᠡᠯᠪᠡᠭ ᠬᠠᠪᠲᠠᠭᠠᠢ ᠴᠢᠯᠠᠭᠤᠯᠢᠭ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ᠃ ᠺᠠᠯᠢ ᠡᠯᠪᠡᠭ ᠬᠠᠪᠲᠠᠰᠤᠲᠤ ᠴᠢᠯᠠᠭᠤᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠲᠥᠷᠥᠯ ᠵᠦᠢᠯ ᠢ ᠢᠳᠡᠪᠬᠢᠲᠡᠢ ᠬᠥᠭᠵᠢᠭᠦᠯᠵᠦ᠂ ᠺᠠᠯᠢ ᠡᠯᠪᠡᠭ ᠬᠠᠪᠲᠠᠰᠤᠲᠤ ᠴᠢᠯᠠᠭᠤᠯᠢᠭ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠲᠦᠷᠭᠡᠳᠬᠡᠨ᠎ᠡ︔ ᠪᠠᠶᠠᠨ ᠣᠪᠣᠭᠠᠨ ᠤ ᠰᠢᠷᠣᠢ ᠭᠠᠳᠠᠭᠰᠢᠯᠠᠭᠤᠯᠬᠤ ᠲᠠᠯᠠᠪᠠᠶ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠲᠦᠷᠭᠡᠳᠬᠡᠵᠦ᠂ ᠺᠠᠯᠢ ᠶᠢᠨ ᠪᠣᠷᠳᠣᠭᠤᠷ ᠪᠠ ᠬᠥᠩᠭᠡᠨ ᠴᠢᠨᠠᠷ ᠤᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠡᠯᠪᠡᠭ ᠺᠠᠯᠢᠲᠤ ᠬᠠᠪᠲᠠᠰᠤᠨ ᠴᠢᠯᠠᠭᠤᠯᠢᠭ ᠢᠶᠠᠷ ᠣᠯᠠᠨ ᠡᠰᠢᠲᠦ ᠺᠠᠯᠢ ᠶᠢᠨ ᠪᠣᠷᠳᠣᠭᠤᠷ᠂ ᠨᠡᠭᠦᠷᠡᠰᠦᠬᠦ᠋ᠴᠢᠯ ᠤᠨ ᠺᠠᠯᠢ᠂ ᠴᠠᠭᠠᠨ ᠨᠡᠭᠦᠷᠡᠰᠦᠨ ᠬᠥ᠋ ᠵᠡᠷᠭᠡ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃      ᠦᠯᠡᠳᠡᠭᠳᠡᠯ ᠬᠦᠳᠡᠷ ᠣᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ᠃ ᠦᠯᠡᠳᠡᠭᠳᠡᠯ ᠬᠦᠳᠡᠷ ᠣᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠵᠤ ᠰᠤᠳᠤᠯᠤᠨ ᠨᠡᠭᠡᠭᠡᠬᠦ ᠡᠷᠴᠢᠮ ᠢ ᠨᠡᠮᠡᠭᠳᠡᠭᠦᠯᠦᠨ᠂ ᠬᠤᠪᠣᠷ ᠰᠢᠷᠣᠢ ᠢᠢᠨ ᠠᠭᠤᠷᠬᠠᠢ ᠢᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠯᠤᠭ᠎ᠠ ᠬᠠᠷᠢᠯᠴᠠᠨ ᠤᠶᠠᠯᠳᠤᠭᠤᠯᠵᠤ᠂ ᠪᠠᠶᠠᠨ᠋ᠣ᠋ᠪᠣᠭ᠎ᠠ ᠢᠢᠨ ᠦᠯᠡᠳᠡᠭᠳᠡᠯ ᠬᠦᠳᠡᠷ ᠣᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠠᠵᠤ ᠦᠢᠯᠡᠰ ᠣᠨ ᠬᠡᠯᠬᠢᠶ᠎ᠡ ᠢᠶ ᠬᠥᠭᠵᠢᠭᠦᠯᠦᠨ ᠪᠤᠢ ᠪᠣᠯᠭᠠᠨ᠎ᠠ᠃      ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ      ᠰᠢᠨ᠎ᠡ ᠮᠠᠲ᠋ᠧᠷᠢᠶᠠᠯ ᠤᠨ ᠠᠵᠤ ᠦᠢᠯᠡᠰ᠃ ᠮᠠᠨ ᠣ ᠣᠷᠣᠨ ᠣ ᠥᠪᠡᠷᠮᠢᠴᠡ ᠣᠨᠴᠠᠯᠢᠭ ᠪᠦᠬᠦᠢ ᠬᠤᠪᠣᠷ ᠰᠢᠷᠣᠢ ᠢᠢᠨ ᠡᠬᠢ ᠪᠠᠶᠠᠯᠢᠭ ᠬᠢᠭᠡᠳ ᠬᠤᠪᠣᠷ ᠰᠢᠷᠣᠢ ᠢᠢᠨ ᠠᠵᠢᠯ ᠲᠥᠷᠥᠯ ᠣᠨ ᠳᠠᠭᠠᠭᠤᠯᠤᠭᠴᠢ ᠠᠵᠤ ᠠᠬᠤᠶᠢᠯᠠᠯ ᠣᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠦᠢᠯᠡᠳᠪᠦᠷᠢᠯᠡᠬᠦ ᠵᠢᠭᠠᠬᠤ ᠰᠤᠳᠤᠯᠬᠤ ᠬᠤᠷᠰᠢᠯᠴᠠᠬᠤ ᠡᠷᠴᠢᠮ ᠢ ᠤᠯᠠᠮ ᠨᠢᠭᠡ ᠠᠯᠬᠤᠮ ᠨᠡᠮᠡᠭᠳᠡᠭᠦᠯᠦᠨ᠂ ᠨᠢᠦᠪᠢ ᠰᠺᠠᠨᠳᠢ ᠢᠢᠨ ᠬᠠᠶᠢᠯᠤᠰᠢ᠂ ᠬᠤᠪᠣᠷ ᠰᠢᠷᠣᠢ ᠢᠢᠨ ᠲᠡᠮᠦᠷᠯᠢᠭ ᠵᠡᠷᠭᠡ ᠠᠵᠤ ᠦᠢᠯᠡᠰ ᠣᠨ ᠲᠥᠷᠥᠯ ᠵᠦᠢᠯ ᠬᠢᠭᠡᠳ ᠳᠡᠭᠡᠳᠦ ᠳᠣᠣᠷᠠᠳᠤ ᠤᠷᠤᠰᠬᠠᠯ ᠣᠨ ᠢᠵᠢ ᠪᠦᠷᠢᠳᠦᠭᠦᠯᠬᠦ ᠠᠵᠤ ᠠᠬᠤᠶᠢᠯᠠᠯ ᠢ ᠭᠤᠣᠯᠳᠠᠯᠭ᠎ᠠ ᠲᠠᠢ ᠣᠷᠣᠭᠤᠯᠵᠤ ᠢᠷᠡᠨ ᠬᠥᠭᠵᠢᠭᠦᠯᠵᠦ᠂ ᠰᠢᠨ᠎ᠡ ᠮᠠ‌ᠧᠷᠢᠶᠠᠯ ᠣᠨ ᠠᠵᠤ ᠦᠢᠯᠡᠰ ᠣᠨ ᠬᠡᠯᠬᠢᠶ᠎ᠡ ᠢᠶ ᠤᠷᠲᠤᠳᠬᠠᠨ ᠬᠥᠭᠵᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠢᠶ ᠡᠭᠦᠳᠬᠦ ᠴᠢᠳᠠᠪᠤᠷᠢ ᠢᠶ ᠤᠯᠠᠮ ᠨᠢᠭᠡ ᠠᠯᠬᠤᠮ ᠨᠡᠮᠡᠭᠳᠡᠭᠦᠯᠦᠨ᠂ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃      ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ᠃ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠵᠣᠷᠢᠭᠵᠢᠭᠤᠯᠤᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ ᠎ ᠳᠤᠨᠢ ᠨᠡᠶᠢᠲᠡᠯᠡᠵᠦ᠂ ᠰᠠᠯᠬᠢ᠂ ᠬᠡᠷᠡᠯ᠂ ᠤᠰᠤᠲᠥ᠋ᠷᠥᠭᠴᠢ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠰᠢᠷᠣᠢ ᠭᠠᠳᠠᠭᠰᠢᠯᠠᠭᠤᠯᠬᠤ ᠲᠠᠯᠠᠪᠠᠶ ᠶᠢᠨ ᠨᠣᠭᠤᠭᠠᠷᠠᠭᠤᠯᠤᠯᠲᠠ᠂ ᠠᠭᠤᠷᠬᠠᠢ ᠶᠢᠨ ᠦᠯᠡᠳᠡᠭᠳᠡᠯ ᠬᠦᠳᠡᠷ ᠵᠢᠴᠢ ᠬᠤᠲᠠ ᠶᠢᠨ ᠲᠣᠭᠤᠷᠢᠭ ᠤᠨ ᠡᠷᠬᠢᠨ ᠲᠣᠭᠤᠷᠢᠨ ᠤ ᠰᠤᠯᠠ ᠪᠠᠶᠢᠬᠤ ᠭᠠᠵᠠᠷ ᠰᠢᠷᠣᠢ ᠶᠢᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠣᠯᠠᠨ ᠡᠨᠧᠷᠭᠢ ᠪᠠᠷ ᠬᠠᠷᠢᠯᠴᠠᠨ ᠨᠥᠬᠦᠪᠦᠷᠢᠯᠡᠬᠦ᠂ ᠠᠮᠢᠳᠤᠯᠢᠭ ᠢᠶᠠᠷ ᠲᠣᠬᠢᠷᠠᠭᠤᠯᠬᠤ᠂ ᠠᠷᠪᠢᠲᠠᠢ ᠪᠥᠭᠡᠳ ᠥᠨᠳᠥᠷ ᠦᠷ᠎ᠡ ᠪᠦᠲᠦᠮᠵᠢᠲᠡᠶ ᠬᠥᠭᠵᠢᠯᠲᠡ ᠶᠢᠨ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠨ᠎ᠡ᠃      ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠠᠵᠤ ᠦᠢᠯᠡᠰ᠃ ᠠᠵᠤ ᠦᠢᠯᠡᠳᠪᠦᠷᠢ ᠶᠢᠨ ᠪᠣᠬᠢᠷ ᠤᠰᠤ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠤᠰᠬᠠᠢ ᠪᠠᠶᠢᠭᠤᠯᠤᠮᠵᠢ᠂ ᠮᠡᠷᠭᠡᠵᠢᠯ ᠤᠨ ᠰᠤᠳᠤᠯᠤᠨ ᠨᠡᠭᠡᠭᠡᠬᠦ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠬᠤᠣᠷ ᠦᠭᠡᠶᠢᠵᠢᠬᠦᠯᠦᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃      ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ᠃ ᠤᠰᠤᠲᠥ᠋ᠷᠥᠭᠴᠢ ᠬᠥᠳᠡᠯᠭᠡᠭᠦᠷᠲᠦ ᠮᠠᠰᠢᠨ ᠲᠡᠷᠭᠡ᠂ ᠤᠰᠤᠲᠥ᠋ᠷᠥᠭᠴᠢ ᠡᠨᠧᠷᠭᠢ ᠪᠠᠷ ᠴᠠᠬᠢᠯᠭᠠᠨ ᠭᠠᠷᠭᠠᠬᠤ᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠡᠷᠭᠡ ᠬᠦᠷᠢᠶᠡᠨ ᠤ ᠲᠣᠭᠤᠷᠢᠨ ᠳᠤ ᠰᠢᠨ᠎ᠡ ᠡᠨᠧᠷᠭᠢ ᠶᠢᠨ ᠰᠤᠷᠪᠤᠯᠵᠢ ᠪᠠᠷ ᠤᠰᠤᠲᠥ᠋ᠷᠥᠭᠴᠢ ᠦᠢᠯᠡᠳᠬᠦ᠂ ᠤᠰᠤᠲᠥ᠋ᠷᠥᠭᠴᠢ ᠡᠨᠧᠷᠭᠢ ᠶᠢ ᠠᠰᠢᠭᠯᠠᠬᠤ᠂ ᠤᠰᠤᠲᠥ᠋ᠷᠥᠭᠴᠢ ᠨᠡᠮᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠤᠰᠤᠲᠥ᠋ᠷᠥᠭᠴᠢ ᠲᠦᠯᠡᠰᠢᠨ ᠮᠠᠰᠢᠨ ᠲᠡᠷᠭᠡᠨ ᠤ ᠳ᠋ᠢᠶᠠᠨ ᡂᠢ ᠵᠡᠷᠭᠡ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠬᠥᠭᠵᠢᠭᠦᠯᠦᠨ᠎ᠡ᠃      ᠤᠳᠤ ᠦᠶ᠎ᠡ ᠶᠢᠨ ᠦᠢᠯᠡᠴᠢᠯᠡᠭᠡᠨ ᠤ      ᠦᠢᠯᠡᠳᠪᠦᠷᠢᠯᠡᠯ ᠣᠨ ᠴᠢᠨᠠᠷᠲᠠᠢ ᠦᠢᠯᠡᠴᠢᠯᠡᠭᠡᠨ ᠣ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ ᠠᠭᠤᠷᠬᠠᠢ ᠳᠤ ᠬᠡᠷᠡᠭᠯᠡᠬᠦ ᠮᠠᠰᠢᠨ ᠮᠧᠬᠠᠨᠢᠭ ᠢ ᠰᠡᠯᠪᠢᠨ ᠵᠠᠰᠠᠬᠤ ᠦᠢᠯᠡᠰ ᠢ ᠭᠤᠣᠯᠳᠠᠯᠭ᠎ᠠ ᠲᠠᠢ ᠪᠠᠷ ᠬᠥᠭᠵᠢᠭᠦᠯᠵᠦ᠂ ᠠᠭᠤᠷᠬᠠᠢ ᠳᠤ ᠬᠡᠷᠡᠭᠯᠡᠬᠦ ᠮᠠᠰᠢᠨ ᠮᠧᠬᠠᠨᠢᠭ ᠢ ᠰᠡᠯᠪᠢᠨ ᠵᠠᠰᠠᠵᠤ ᠬᠠᠮᠠᠭᠠᠯᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠲᠡᠮᠦᠷ ᠤᠨ ᠠᠭᠤᠷᠬᠠᠢ ᠶᠢ ᠪᠠᠶᠢᠴᠠᠭᠠᠨ ᠵᠠᠰᠠᠬᠤ ᠺᠣᠮᠫᠠᠨᠢ ᠶᠢᠨ ᠲᠥᠷᠥᠯ ᠵᠦᠢᠯ᠂ ᠠᠭᠤᠷᠬᠠᠢ ᠶᠢᠨ ᠮᠠᠯᠲᠠᠵᠤ ᠰᠢᠯᠢᠬᠦ ᠮᠠᠰᠢᠨ ᠲᠥᠬᠦᠭᠡᠷᠦᠮᠵᠢ ᠵᠢᠴᠢ ᠰᠡᠯᠪᠢᠭ ᠲᠣᠨᠤᠭ ᠢ ᠡᠳ᠋ᠰᠢᠭᠦᠯᠦᠨ ᠪᠣᠷᠣᠯᠠᠭᠤᠯᠬᠤ᠂ ᠴᠡᠪᠡᠷ ᠡᠨᠧᠷᠭᠢ ᠶᠢᠨ ᠲᠥᠬᠦᠷ ᠦᠢᠯᠡᠴᠢᠯᠡᠭᠡᠨ ᠤ ᠪᠠᠶᠢᠴᠠᠭᠠᠨ ᠵᠠᠰᠠᠬᠤ ᠲᠥᠷᠥᠯ ᠵᠦᠢᠯ ᠵᠡᠷᠭᠡ ᠶᠢ ᠭᠤᠣᠯᠳᠠᠯᠭ᠎ᠠ ᠲᠠᠢ ᠪᠠᠶᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠴᠢᠬᠤᠯᠠ ᠪᠦᠬᠦᠢ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠨ᠎ᠡ᠃      ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠡᠭᠦᠯᠳᠡᠷᠵᠢᠭᠦᠯᠵᠦ ᠳᠡᠭᠡᠭᠰᠢᠯᠡᠭᠦᠯᠦᠨ᠎ᠡ᠃ ᠲᠠᠷᠢᠶᠠᠯᠠᠩ ᠣᠨ ᠪᠦᠲᠦᠭᠡᠭᠳᠡᠬᠦᠨ ᠮᠠᠯ ᠣᠨ ᠠᠰᠢᠭ ᠰᠢᠮ᠎ᠡ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠤᠷᠤᠰ ᠮᠣᠩᠭᠤᠯ ᠣᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠣᠨ ᠵᠠᠬ᠎ᠠ ᠳᠡᠯᠭᠡᠭᠦᠷ ᠟ᠢ ᠢᠳᠡᠪᠬᠢᠲᠡᠢ ᠪᠠᠷ ᠬᠤᠪᠣᠷ ᠰᠢᠷᠣᠢ ᠶᠢᠨ ᠣᠨᠴᠠᠯᠢᠭᠲᠤ ᠵᠢᠵᠢᠭ ᠪᠠᠯᠭᠠᠰᠤ᠂ ᠬᠤᠪᠣᠷ ᠰᠢᠷᠣᠢ ᠶᠢᠨ ᠰᠣᠶᠣᠯ ᠬᠤᠳᠠᠯᠳᠤᠭᠠᠨ ᠤ ᠵᠡᠭᠡᠯᠢ᠂ ᠣᠨᠴᠠᠯᠢᠭᠲᠤ ᠢᠳᠡᠭᠡᠨ ᠤᠮᠳᠠᠭᠠᠨ ᠤ ᠵᠡᠭᠡᠯᠢ᠂ ᠬᠢᠯᠢ ᠶᠢᠨ ᠠᠷᠠᠯᠵᠢᠶ᠎ᠠ ᠶᠢᠨ ᠪᠠᠷᠠᠭ᠎ᠠ ᠬᠤᠳᠠᠯᠳᠤᠨ ᠠᠪᠬᠤ ᠵᠡᠭᠡᠯᠢ ᠵᠡᠷᠭᠡ ᠣᠨᠴᠠᠯᠢᠭᠲᠤ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠪᠠᠶᠢᠭᠤᠯᠵᠤ᠂ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠪᠡᠶᠡᠯᠡᠭᠦᠯᠦᠨ᠎ᠡ᠃ ᠳᠤᠮᠳᠠᠳᠤ ᠮᠣᠩᠭᠤᠯ ᠣᠷᠣᠰ ᠤᠨ ᠵᠢᠵᠢᠭ ᠲᠠᠸᠠᠷ ᠤᠨ ᠲᠥᠪᠯᠡᠷᠡᠭᠦᠯᠦᠨ ᠲᠠᠷᠬᠠᠭᠠᠬᠤ ᠲᠥᠪ ᠤᠨ ᠲᠥᠷᠥᠯ ᠵᠦᠢᠯ᠂ ᠪᠥᠬᠦ ᠠᠷᠠᠳ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠥᠪ ᠤᠨ ᠲᠥᠷᠥᠯ ᠵᠦᠢᠯ᠂ ᠭᠡᠷ ᠤᠨ ᠭᠠᠳᠠᠨᠠᠬᠢ ᠲᠠᠯ᠎ᠠ ᠨᠤᠲᠤᠭ ᠤᠨ ᠰᠣᠶᠣᠯ ᠤᠨ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ ᠤᠨ ᠲᠥᠷᠥᠯ ᠵᠦᠢᠯ ᠵᠡᠷᠭᠡ ᠶᠢ ᠭᠤᠣᠯᠳᠠᠯᠭ᠎ᠠ ᠲᠠᠢ ᠣᠷᠣᠭᠤᠯᠤᠨ ᠠᠪᠴᠢᠷᠠᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号