ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠪᠦᠬᠦ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/18
     3 ᠳ᠋ᠤᠭᠠᠷ ᠰᠠᠷ᠎ᠠ ᠶᠢᠨ 14᠎ ᠤ ᠡᠳᠦᠷ ᠤᠨ ᠦᠳᠡ ᠶᠢᠨ ᠡᠮᠦᠨ᠎ᠡ᠂ ᠮᠠᠨ ᠤ ᠣᠷᠣᠨ ᠪᠥᠬᠦ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠮᠠ ᠸᠧᠨ ᠯᠢᠶᠠᠩ ᠨᠥᠬᠦᠷ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠪᠥᠬᠦ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃      ᠬᠤᠷᠠᠯ ᠠᠴᠠ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾︵ᠰᠠᠨᠠᠯ ᠬᠤᠷᠢᠶᠠᠬᠤ ᠨᠣᠣᠷᠠᠭ︶᠎ ᠢ ᠰᠤᠳᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠨᠠᠷᠢᠨ ᠲᠠᠩᠰᠠ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠳᠤ ᠲᠠᠶᠢᠯᠤᠮᠵᠢ ᠬᠢᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠲᠣᠭᠲᠠᠴᠠ ᠶᠢ ᠪᠠᠶᠢᠭᠤᠯᠬᠤ ᠲᠤᠬᠠᠢ ᠲᠣᠬᠢᠷᠠᠭᠤᠯᠤᠯᠲᠠ ᠬᠢᠵᠡᠢ᠃      ᠬᠤᠷᠠᠯ ᠠᠴᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠣᠨ᠎ᠠ᠂ ᠪᠦᠬᠦ ᠣᠷᠣᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤᠪᠠᠷ ᠠᠬᠢᠭᠤᠯᠬᠤ ᠴᠢᠬᠤᠯᠠᠲᠠᠢ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠨᠡᠬᠦ ᠤᠯᠤᠰ ᠲᠦᠷᠦ ᠶᠢᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠢ ᠴᠢᠨᠠᠷ ᠴᠢᠨᠰᠠᠭ᠎ᠠ ᠶᠢ ᠪᠠᠲᠤᠯᠠᠨ ᠰᠠᠶᠢᠲᠤᠷ ᠪᠡᠶᠡᠯᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠭᠤᠷ ᠪᠣᠯᠭᠤᠮᠵᠢᠲᠠᠢ ᠨᠠᠷᠢᠨ ᠬᠢᠨᠠᠮᠠᠭᠠᠢ ᠪᠠᠷ ︽ᠬᠡᠷᠡᠭᠵᠢᠭᠦᠯᠬᠦ ᠲᠥᠰᠥᠯ︾᠎ ᠳᠤ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠴᠤ᠂ ᠣᠷᠣᠨ ᠤ ᠬᠠᠤᠯᠢ ᠴᠠᠭᠠᠵᠠ ᠶᠢᠨ ᠲᠣᠪᠴᠢᠶ᠎ᠠ ᠨᠢ ᠡᠯ᠎ᠡ ᠰᠠᠯᠠᠭ᠎ᠠ ᠮᠥᠴᠢᠷ ᠤᠨ ᠰᠠᠨᠠᠯ ᠢ ᠳᠠᠷᠤᠶᠢᠬᠠᠨ ᠬᠤᠷᠢᠶᠠᠩᠭᠤᠶᠢᠯᠠᠵᠤ᠂ ᠬᠦᠷᠭᠡᠵᠦ ᠬᠢᠨᠠᠭᠤᠯᠬᠤ ᠡᠬᠡ ᠨᠣᠣᠷᠠᠭ ᠢ ᠪᠣᠶ ᠪᠣᠯᠭᠠᠵᠤ᠂ ᠪᠠᠶᠢᠩᠭᠤ ᠶᠢᠨ ᠬᠤᠷᠠᠯ ᠳᠤ ᠳᠡᠪᠰᠢᠭᠦᠯᠦᠨ ᠰᠤᠳᠤᠯᠤᠭᠤᠯᠬᠤ ᠬᠡᠷᠡᠭᠲᠡᠢ᠃ ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠨ᠂ ᠴᠢᠬᠤᠯᠠ ᠶᠡᠭᠡ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠲᠦᠷᠦᠭᠦᠯᠡᠨ ᠶᠡᠷᠦᠩᠬᠡᠶᠢᠯᠡᠨ ᠠᠳᠬᠤᠬᠤ᠂ ᠤᠳᠤᠷᠢᠳᠤᠯᠭ᠎ᠠ  ᠎ ᠠᠴᠠ ᠬᠠᠷᠢᠭᠤᠴᠠᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠲᠦᠷᠪᠡᠨ ᠬᠦᠷᠢᠶᠡᠨ ᠤ ᠲᠦᠷᠦᠭᠦᠯᠡᠬᠦ ᠰᠠᠯᠠᠭ᠎ᠠ ᠮᠥᠴᠢᠷ ᠡᠷᠬᠡᠪᠰᠢ ᠬᠠᠮᠤᠭ ᠤᠨ ᠲᠦᠷᠭᠡᠨ ᠬᠤᠷᠳᠤᠴᠠ ᠪᠠᠷ ᠬᠥᠳᠡᠯᠦᠯᠴᠡᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠵᠣᠯᠭᠠᠭᠤᠯᠬᠤ ᠶᠢ ᠰᠠᠶᠢᠲᠤᠷ ᠬᠢᠵᠦ᠂ ᠲᠤᠰ ᠲᠤᠰ ᠲᠠᠭᠠᠨ ᠲᠤᠰ ᠳᠤᠭᠤᠶᠢᠯᠠᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠠᠵᠢᠯ ᠢᠶᠠᠨ ᠬᠤᠪᠢᠶᠠᠷᠢᠯᠠᠨ ᠠᠵᠢᠯ ᠬᠤᠪᠢᠶᠠᠨ ᠵᠡᠷᠭᠡᠪᠡᠷ ᠠᠬᠢᠭᠤᠯᠬᠤ ᠬᠡᠷᠡᠭᠲᠡᠢ᠃ ᠡᠯ᠎ᠡ ᠡᠭᠦᠷᠭᠡ ᠲᠠᠢ ᠨᠢᠭᠡᠴᠡ ᠨᠦᠭᠦᠳ ︽ᠬᠡᠷᠡᠭᠵᠢᠭᠦᠯᠬᠦ ᠲᠥᠰᠥᠯ︾᠎ ᠤᠨ ᠲᠣᠭᠤᠷᠢᠨ ᠳᠤ᠂ ᠲᠣᠰ ᠰᠠᠯᠠᠭ᠎ᠠ ᠮᠥᠴᠢᠷ ᠤᠨ ᠢᠶᠠᠨ ᠪᠣᠳᠠᠲᠠᠢ ᠲᠠᠢ ᠪᠠᠨ ᠤᠶᠠᠯᠳᠤᠭᠤᠯᠤᠨ᠂ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠠᠨᠠᠭᠠᠴᠢᠯᠠᠭ᠎ᠠ  ᠎ ᠠᠴᠠ ᠪᠠᠨ ᠠᠷᠭ᠎ᠠ ᠰᠦᠪᠡᠭᠴᠢᠯᠡᠵᠦ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号