ᠬᠤᠲᠠ ᠶᠢᠨ ᠵᠠᠰᠠᠭ ᠤᠨ ᠣᠷᠳᠣᠨ ᠠᠴᠠ ᠤᠯᠤᠰ ᠤᠨ ᠵᠠᠮ ᠤᠨ 210 ᠱᠤᠭᠤᠮ ᠤᠨ ᠪᠠᠶᠠᠨ᠋ᠣ᠋ᠪᠣᠭ᠎ᠠ ᠠᠴᠠ ᠭᠦᠶᠠᠩ ᠬᠦᠷᠬᠦ ᠬᠡᠰᠡᠭ ᠤᠨ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠬᠦ ᠶᠢ ᠠᠬᠢᠭᠤᠯᠵᠤ᠂ ᠵᠢᠯ ᠤᠨ ᠳᠣᠲᠣᠷ᠎ᠠ ᠲᠡᠷᠭᠡ ᠨᠡᠪᠲᠡᠷᠡᠭᠦᠯᠬᠦ ᠪᠠᠷ ᠴᠢᠷᠮᠠᠶᠢᠨ᠎ᠠ ᠭᠡᠵᠦ ᠲᠣᠳᠣᠷᠬᠠᠶᠢᠯᠠᠪᠠ
ᠨᠡᠶᠢᠲᠡᠯᠡᠭᠰᠡᠨ ᠴᠠᠭ᠄
2024/3/19
      ︽2024 ᠣᠨ ᠤ ᠪᠤᠭᠤᠲᠤ ᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾᠎ ᠶᠢ ᠣᠶᠢᠷ᠎ᠠ ᠶᠢᠨ ᠬᠤᠭᠤᠴᠠᠭᠠᠨ ᠳᠤ ᠳᠠᠷᠤᠮᠠᠯᠯᠠᠨ ᠲᠠᠷᠬᠠᠭᠠᠪᠠ᠂ ᠡᠭᠦᠨ ᠳᠤ᠂ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠵᠠᠮ ᠤᠨ 210 ᠱᠤᠭᠤᠮ ᠤᠨ ᠪᠠᠶ᠋ᠬᠤᠪᠤᠭ᠎ᠠ  ᠎ ᠠᠴᠠ ᠭᠦᠶᠠᠩ ᠬᠦᠷᠬᠦ ᠬᠡᠰᠡᠭ ᠪᠠ ᠭᠦᠶᠠᠩ ᠠᠴᠠ ᠳ᠋ᠦᠩ ᠾᠧ ᠬᠦᠷᠬᠦ ᠬᠡᠰᠡᠭ ᠤᠨ ᠬᠤᠶᠠᠷ ᠵᠤᠷᠪᠤᠰ ᠨᠢᠭᠡᠳᠦᠭᠡᠷ ᠳᠡᠰ ᠤᠨ ᠵᠠᠰᠠᠮᠠᠯ ᠵᠠᠮ ᠤᠨ ᠭᠤᠣᠯ ᠴᠣᠭᠴᠠᠲᠤ ᠢᠨᠵᠧᠨᠧᠷᠢᠩ ᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠵᠢᠯ ᠤᠨ ᠳᠣᠲᠣᠷ᠎ᠠ ᠲᠡᠷᠭᠡ ᠨᠡᠪᠲᠡᠷᠡᠭᠦᠯᠬᠦ ᠪᠠᠷ ᠴᠢᠷᠮᠠᠶᠢᠨ᠎ᠠ ᠭᠡᠵᠦ ᠲᠣᠳᠣᠷᠬᠠᠢ ᠳᠤᠷᠠᠳᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠤᠯᠤᠰ ᠤᠨ ᠵᠠᠮ ᠤᠨ 210 ᠱᠤᠭᠤᠮ ᠤᠨ ᠪᠠᠶ᠋ᠬᠤᠪᠤᠭ᠎ᠠ ᠠᠴᠠ ᠭᠦᠶᠠᠩ ᠬᠦᠷᠬᠦ ᠬᠡᠰᠡᠭ ᠤᠨ ᠪᠠᠷᠢᠯᠭ᠎ᠠ ᠶᠢᠨ ᠵᠦᠢᠯᠡᠰ ᠢ ᠨᠢᠭᠡᠨᠲᠡ 3 ᠰᠠᠷ᠎ᠠ ᠶᠢᠨ ᠡᠬᠢ ᠪᠠᠷ ᠵᠢᠩᠬᠢᠨᠢ ᠪᠠᠷ ᠰᠡᠷᠭᠦᠭᠡᠵᠦ᠂ ᠬᠡᠰᠡᠭ ᠬᠤᠭᠤᠴᠠᠭᠠᠨ ᠤ ᠪᠠᠴᠢᠮ ᠪᠡᠯᠡᠳᠬᠡᠯ ᠢᠶᠠᠷ ᠳᠡᠮᠵᠢᠨ᠂ 3 ᠰᠠᠷ᠎ᠠ ᠶᠢᠨ 15᠎ ᠤ ᠡᠳᠦᠷ ᠵᠢᠩᠬᠢᠨᠢ ᠪᠠᠷ ᠪᠥᠬᠦ ᠲᠠᠯ᠎ᠠ ᠪᠠᠷ ᠰᠡᠷᠭᠦᠭᠡᠬᠦ ᠠᠵᠢᠯ ᠳᠤ ᠣᠷᠣᠭᠰᠠᠨ ᠪᠠᠶᠢᠨ᠎ᠠ᠃      ᠣᠳᠣᠬᠠᠨ ᠪᠣᠯᠲᠠᠯ᠎ᠠ᠂ ᠤᠯᠤᠰ ᠤᠨ ᠵᠠᠮ ᠤᠨ 210 ᠱᠤᠭᠤᠮ ᠤᠨ ᠪᠠᠶᠠᠨ᠋ᠣ᠋ᠪᠣᠭ᠎ᠠ ᠠᠴᠠ ᠭᠦᠶᠠᠩ ᠬᠦᠷᠬᠦ ᠬᠡᠰᠡᠭ ᠤᠨ ᠪᠦᠬᠦ ᠱᠤᠭᠤᠮ ᠤᠨ ᠪᠣᠳᠠᠲᠤ ᠴᠣᠭᠴᠠ ᠶᠢᠨ ᠪᠠᠷᠢᠯᠭ᠎ᠠ ᠶᠢᠨ ᠬᠡᠮᠵᠢᠶ᠎ᠡ 72%᠎ ᠢ ᠪᠡᠶᠡᠯᠡᠭᠦᠯᠵᠡᠢ᠃ ᠡᠭᠦᠨ ᠳᠤ᠂ ᠵᠠᠮ ᠤᠨ ᠰᠠᠭᠤᠷᠢ ᠶᠢᠨ ᠪᠠᠷᠢᠯᠭ᠎ᠠ ᠶᠢᠨ 811 ᠲᠦᠮᠡᠨ ᠪᠣᠰᠤᠭ᠎ᠠ ᠳᠥᠷᠪᠡᠯᠵᠢᠨ ᠮᠧᠲᠷ ᠰᠢᠷᠣᠢ ᠴᠢᠯᠠᠭᠤᠨ ᠤ ᠪᠠᠷᠢᠯᠭ᠎ᠠ ᠶᠢ ᠪᠡᠶᠡᠯᠡᠭᠦᠯᠵᠦ᠂ 87%᠎ ᠶᠢᠨ ᠬᠠᠷᠢᠴᠠᠯ ᠢ ᠪᠡᠶᠡᠯᠡᠭᠦᠯᠪᠡ︔ ᠭᠤᠯᠳᠤᠩ ᠤᠨ 132 ᠵᠠᠮ ᠢ ᠪᠡᠶᠡᠯᠡᠭᠦᠯᠵᠦ᠂ 92%᠎ ᠤᠨ ᠬᠠᠷᠢᠴᠠᠯ ᠢ ᠪᠡᠶᠡᠯᠡᠭᠦᠯᠪᠡ︔ ᠲᠣᠮᠣ ᠳᠤᠮᠳᠠ ᠬᠥᠭᠦᠷᠭᠡ ᠶᠢᠨ 3 ᠰᠠᠭᠤᠷᠢ᠂ 4 ᠰᠠᠭᠤᠷᠢ ᠎ ᠨᠢ ᠶᠠᠭ ᠳᠡᠭᠡᠳᠦ ᠬᠡᠰᠡᠭ ᠤᠨ ᠪᠦᠲᠦᠴᠡ ᠶᠢᠨ ᠪᠠᠷᠢᠯᠭ᠎ᠠ ᠶᠢᠨ ᠠᠵᠢᠯ ᠢ ᠬᠢᠵᠦ᠂ ᠦᠯᠡᠳᠡᠭᠰᠡᠨ 19 ᠰᠠᠭᠤᠷᠢ ᠨᠢ ᠠᠳᠠᠯᠢ ᠪᠤᠰᠤ ᠬᠡᠮᠵᠢᠶ᠎ᠡ ᠪᠠᠷ ᠳᠡᠭᠡᠳᠦ᠂ ᠳᠣᠣᠷᠠᠳᠤ ᠬᠡᠰᠡᠭ ᠤᠨ ᠪᠦᠲᠦᠴᠡ ᠶᠢᠨ ᠪᠠᠷᠢᠯᠭ᠎ᠠ ᠶᠢᠨ ᠠᠵᠢᠯ ᠢ ᠬᠢᠵᠦ ᠪᠣᠶ᠃      ᠲᠣᠰ ᠲᠥᠷᠥᠯ ᠵᠦᠢᠯ ᠪᠣᠯ ᠤᠯᠤᠰ ᠤᠨ ᠵᠠᠰᠠᠮᠠᠯ ᠵᠠᠮ ᠤᠨ ᠲᠣᠣᠷ ᠤᠨ ᠴᠢᠬᠤᠯᠠ ᠪᠦᠷᠢᠯᠳᠦᠭᠦᠨ ᠬᠡᠰᠡᠭ ᠮᠥᠨ᠂ 210 ᠤᠯᠤᠰ ᠤᠨ ᠵᠠᠮ ᠤᠨ ᠮᠠᠨᠳᠤᠯ᠎ᠠ ᠪᠣᠭᠤᠮᠲᠠ  ᠎ ᠠᠴᠠ ᠹᠠᠩ ᠴᠧᠩ ᠭᠠᠷᠠᠮ ᠬᠦᠷᠬᠦ ᠵᠠᠰᠠᠮᠠᠯ ᠵᠠᠮ ᠤᠨ ᠨᠢᠭᠡ ᠬᠡᠰᠡᠭ ᠮᠥᠨ᠂ ᠮᠠᠨᠳᠤᠯ᠎ᠠ ᠪᠣᠭᠤᠮᠲᠠ᠂ ᠪᠠᠶ᠋ᠬᠤᠪᠤᠭ᠎ᠠ᠂ ᠭᠦᠶᠡᠭ ᠠᠴᠠ ᠪᠤᠭᠤᠲᠤ ᠵᠢᠴᠢ ᠳᠣᠲᠣᠭᠠᠳᠤ ᠬᠠᠭᠤᠷᠠᠢ ᠳᠤ ᠨᠡᠪᠲᠡᠷᠡᠬᠦ ᠴᠢᠬᠤᠯᠠ ᠵᠠᠮ ᠮᠥᠨ᠂ ᠪᠤᠭᠤᠲᠤ ᠬᠤᠲᠠ ᠶᠢᠨ ᠠᠭᠤᠯᠠ ᠶᠢᠨ ᠡᠮᠦᠨ᠎ᠡ ᠠᠭᠤᠯᠠ ᠶᠢᠨ ᠬᠤᠶᠢᠲᠤ ᠬᠡᠰᠡᠭ ᠢ ᠬᠤᠯᠪᠣᠭᠰᠠᠨ ᠠᠷᠠᠳ ᠤᠨ ᠠᠮᠢᠳᠤᠷᠠᠯ ᠤᠨ ᠴᠢᠬᠤᠯᠠ ᠵᠠᠰᠠᠮᠠᠯ ᠵᠠᠮ ᠮᠥᠨ᠂ ᠪᠠᠰᠠ ᠴᠤ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠬᠡᠷᠡᠭᠵᠢᠭᠦᠯᠵᠦ ᠪᠠᠶᠢᠭ᠎ᠠ ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠮᠥᠨ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠪᠤᠭᠤᠲᠤ ᠬᠤᠲᠠ ᠶᠢᠨ ᠵᠠᠮ ᠤᠨ ᠲᠣᠣᠷ ᠤᠨ ᠪᠠᠶᠢᠷᠢᠰᠢᠭᠤᠯᠤᠯᠲᠠ ᠶᠢ ᠪᠦᠲᠦᠮᠵᠢᠲᠡᠶ ᠰᠠᠶᠢᠵᠢᠷᠠᠭᠤᠯᠵᠤ᠂ ᠬᠢᠯᠢ ᠶᠢᠨ ᠠᠷᠠᠯᠵᠢᠶ᠎ᠠ ᠶᠢ ᠠᠬᠢᠭᠤᠯᠤᠨ᠂ ᠵᠠᠮ ᠳᠠᠭᠠᠤ ᠶᠢᠨ ᠠᠭᠤᠷᠬᠠᠢ ᠶᠢᠨ ᠭᠠᠷᠤᠯᠲᠠ ᠵᠢᠴᠢ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠠᠬᠢᠭᠤᠯᠵᠤ᠂ ᠪᠤᠭᠤᠲᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠶᠡᠷᠦᠩᠬᠡᠶᠢᠯᠡᠭᠰᠡᠨ ᠥᠷᠢᠰᠦᠯᠳᠦᠭᠡᠨ ᠤ ᠪᠣᠳᠠᠲᠤ ᠬᠦᠴᠦᠨ ᠢ ᠳᠡᠭᠡᠭᠰᠢᠯᠡᠭᠦᠯᠬᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠵᠡᠷᠭᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号